ᠰᠢᠯᠤᠭᠤᠨ ᠬᠥᠪᠡᠭᠡᠲᠦ ᠴᠠᠭᠠᠨ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ︽ᠰᠢᠯᠢᠳᠡᠭ ᠢᠲᠡᠭᠡᠮᠵᠢ ᠶᠢᠨ  ᠵᠢᠱᠢᠶᠡᠴᠢ  ᠡᠷᠦᠬᠡ︾  ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/7/13
ᠰᠢᠯᠤᠭᠤᠨ ᠬᠥᠪᠡᠭᠡᠲᠦ ᠴᠠᠭᠠᠨ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ︽ᠰᠢᠯᠢᠳᠡᠭ ᠢᠲᠡᠭᠡᠮᠵᠢ ᠶᠢᠨ  ᠵᠢᠱᠢᠶᠡᠴᠢ  ᠡᠷᠦᠬᠡ︾  ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ    ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ︽ᠢᠲᠡᠭᠡᠮᠵᠢ ᠶᠢᠨ ᠵᠢᠱᠢᠶᠡᠴᠢ ᠡᠷᠦᠬᠡ ᠳᠤ ᠲᠤᠰᠬᠠᠢ ᠵᠢᠭᠡᠯᠡᠯᠭᠡ ᠬᠦᠷᠲᠡᠭᠡᠬᠦ︾ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠳᠡᠮᠵᠢᠬᠦ ᠶᠢᠨ ᠲᠥᠯᠥᠭᠡ᠂ 7 ᠰᠠᠷ᠎ᠠ ᠶᠢᠨ 12 ᠤᠨ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾ ᠶᠢᠨ ᠫᠠᠶᠢᠰᠠ ᠣᠯᠭᠤᠬᠤ ᠶᠣᠰᠣᠯᠠᠯ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠳᠤ ᠶᠠᠪᠤᠭᠳᠠᠪᠠ᠃    ᠠᠷᠠᠳ ᠤᠨ ᠪᠠᠩᠬᠢ ᠶᠢᠨ ᠬᠥᠬᠡᠬᠤᠲᠠ  ᠶᠢᠨ ᠰᠠᠯᠪᠤᠷᠢ ᠪᠠᠩᠬᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠶᠠᠩ ᠬᠤᠶ ᠯᠠᠢ᠂ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ  ᠰᠠᠯᠪᠤᠷᠢ ᠪᠠᠩᠬᠢ ᠶᠢᠨ ᠳᠡᠳ᠋ ᠪᠠᠶᠢᠴᠠᠭᠠᠨ ᠰᠤᠳᠤᠯᠤᠭᠴᠢ ᠵᠠᠩ ᠸᠧᠨ ᠪᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠯᠢ ᠳ᠋ᠦᠩ ᠯᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠪᠤᠷᠢ ᠪᠠᠩᠬᠢ ᠪᠣᠯᠣᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠬᠠᠮᠲᠤᠷᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 100 ᠡᠷᠦᠬᠡ ᠮᠠᠯᠴᠢᠨ ᠲᠠᠷᠢᠶᠠᠴᠢᠨ ᠡᠷᠦᠬᠡ ᠳᠤ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾ ᠶᠢᠨ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾ ᠶᠢᠨ ᠲᠥᠯᠥᠭᠡᠯᠡᠭᠴᠢᠳ ᠲᠤ ᠢᠷᠠᠭᠤ ᠠᠯᠳᠠᠷ ᠤᠨ ᠫᠠᠶᠢᠰᠠ ᠣᠯᠭᠤᠬᠤ ᠪᠠᠷ ᠲᠣᠭᠲᠠᠪᠠ᠃ ︽ᠰᠢᠯᠢᠳᠡᠭ ᠢᠲᠡᠭᠡᠮᠵᠢ ᠵᠢᠨ‌ᠵᠢᠱᠢᠶᠡᠴᠢ ᠡᠷᠦᠬᠡ︾ ᠪᠠᠷ ᠦᠨᠡᠯᠡᠭᠳᠡᠭᠰᠡᠨ ᠮᠠᠯᠵᠢᠬᠤ ᠲᠠᠷᠢᠶᠠᠯᠠᠬᠤ ᠡᠷᠦᠬᠡ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠠᠷᠠᠳ ᠤᠨ ᠪᠠᠩᠬᠢ ᠶᠢᠨ ᠲᠠᠷᠢᠶᠠᠯᠠᠩ ᠢ ᠳᠡᠮᠵᠢᠬᠦ ᠳᠠᠬᠢᠨ ᠵᠢᠭᠡᠯᠡᠯᠭᠡ ᠶᠢ ᠠᠰᠢᠭᠯᠠᠨ ᠰᠢᠨ᠎ᠡ ᠪᠠᠷ ᠡᠬᠦᠳᠦᠨ ᠭᠠᠷᠭᠠᠭᠰᠠᠨ  ︽ᠢᠲᠡᠭᠡᠮᠵᠢ ᠶᠢᠨ ᠵᠢᠱᠢᠶ᠎ᠡ ᠦᠵᠡᠭᠦᠯᠬᠦ ᠡᠷᠦᠬᠡ ᠶᠢᠨ ᠲᠤᠰᠬᠠᠢ ᠡᠳ᠋ᠯᠡᠬᠦ ᠵᠢᠭᠡᠯᠡᠯᠭᠡ︾ ᠶᠢ ᠬᠦᠷᠲᠡᠵᠦ ᠪᠣᠯᠣᠨ᠎ᠠ᠃ ᠲᠣᠰ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ ᠨᠡᠯᠢᠶᠡᠳ ᠥᠨᠳᠥᠷ᠂ ᠬᠦᠦ  ᠨᠣᠷᠮ᠎ᠠ ᠨᠢ ᠨᠡᠯᠢᠶᠡᠳ ᠳᠣᠣᠷ᠎ᠠ᠂ ᠢᠲᠡᠭᠡᠮᠵᠢ  ᠪᠠᠷ ᠵᠢᠭᠡᠯᠡᠯᠭᠡ ᠲᠠᠯᠪᠢᠬᠤ᠂ ᠭᠠᠷ ᠭᠦᠢᠴᠡᠳᠬᠡᠯ ᠨᠢ ᠲᠥᠬᠦᠮ ᠵᠡᠷᠭᠡ ᠣᠨᠴᠠᠯᠢᠭ ᠲᠠᠢ ᠪᠠᠶᠢᠳᠠᠭ᠃ ᠣᠲᠣ ᠪᠣᠯᠲᠠᠯ᠎ᠠ᠂ ᠨᠢᠭᠡᠨᠲᠡ 1000 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠪᠦᠬᠦᠨ ᠢ 100 ᠡᠷᠦᠬᠡ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾ ᠳᠤ ᠣᠷᠣᠭᠤᠯᠵᠤ᠂ ᠡᠷᠦᠬᠡ ᠪᠦᠷᠢ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠨᠢ 10 ᠲᠦᠮᠡᠨ ᠲᠥᠭᠦᠷᠢᠭ ᠪᠣᠯᠣᠨ᠎ᠠ᠃    ᠬᠤᠷᠠᠯ ᠳᠡᠭᠡᠷ᠎ᠡ ᠪᠠᠰᠠ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ ᠶᠢ ᠰᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠤᠩᠰᠢᠨ ᠨᠡᠶᠢᠲᠡᠯᠡᠵᠦ᠂ ᠰᠢᠯᠢᠳᠡᠭ ᠢᠲᠡᠭᠡᠮᠵᠢ ᠶᠢᠨ ᠭᠠᠴᠠᠭᠠᠨ ᠤ ᠲᠥᠯᠥᠭᠡᠯᠡᠭᠴᠢ ᠪᠠ ᠰᠢᠯᠢᠳᠡᠭ ᠢᠲᠡᠭᠡᠮᠵᠢ ᠶᠢᠨ  ᠵᠢᠱᠢᠶᠡᠴᠢ ᠡᠷᠦᠬᠡ  ᠶᠠᠷᠢᠶ᠎ᠠ ᠲᠠᠯᠪᠢᠪᠠ᠃    ᠠᠷᠠᠳ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠪᠤᠷᠢ ᠪᠠᠩᠬᠢ᠂ ᠬᠤᠰᠢᠭᠤᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠮᠡᠷᠬᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ︽ᠰᠢᠯᠢᠳᠡᠭ ᠢᠲᠡᠭᠡᠮᠵᠢ ᠶᠢᠨ  ᠵᠢᠱᠢᠶᠡᠴᠢ ᠡᠷᠦᠬᠡ︾ ᠶᠢᠨ ᠲᠥᠯᠥᠭᠡᠯᠡᠭᠴᠢ 40 ᠭᠠᠷᠤᠢ ᠬᠥᠮᠥᠨ ᠫᠠᠶᠢᠰᠠ ᠣᠯᠭᠤᠬᠤ ᠶᠣᠰᠣᠯᠠᠯ ᠳᠤ ᠣᠷᠣᠯᠴᠠᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号