ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠭᠦᠨᠵᠡᠭᠡᠶᠢᠷᠡᠵᠦ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠨᠠᠮ ᠡᠪᠯᠡᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/7/15
     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠭᠦᠨᠵᠡᠭᠡᠶᠢᠷᠡᠵᠦ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠨᠠᠮ ᠡᠪᠯᠡᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠪᠡ    ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠬᠦᠴᠦ ᠪᠠᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠳᠠᠷᠤᠭ᠎ᠠ ᠡᠷᠳᠡᠨᠢ ᠨᠠᠷ ᠮᠠᠨ ᠤ ᠬᠤᠰᠢᠭᠤᠨ ᠳᠤ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠨ ᠢ ᠬᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ ᠨᠠᠮ ᠡᠪᠯᠡᠯ ᠤᠨ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃    ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠠᠷᠠᠳ ᠲᠤ ᠬᠦᠷᠲᠡᠭᠡᠬᠦ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠰᠬᠠᠢ ᠲᠡᠷᠭᠡ ᠲᠠᠢ ᠬᠠᠮᠲᠤᠷᠠᠨ ᠰᠤᠷᠭᠠᠭᠤᠯᠢ ᠶᠢᠨ  ᠬᠦᠷᠢᠶ᠎ᠡ᠂ ᠨᠡᠶᠢᠭᠡᠮ ᠲᠣᠭᠤᠷᠢᠭ ᠂ ᠭᠠᠴᠠᠭ᠎ᠠ ᠲᠣᠰᠬᠤᠨ ᠳᠤ ᠬᠦᠷᠴᠦ ᠰᠢᠷᠢᠰ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠨᠡᠶᠢᠭᠡᠮ ᠲᠣᠭᠤᠷᠢᠭ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠱᠠᠩᠨᠠᠯ ᠲᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠥᠷᠨᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ᠂ ᠤᠷᠠᠨ ᠰᠠᠶᠢᠬᠠᠨ ᠤ ᠲᠣᠭᠯᠠᠯᠲᠠ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠂ ᠠᠵᠢᠯᠯᠠᠭ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠤᠯᠠᠨ ᠲᠦᠮᠡᠨ ᠳᠤ ᠡᠯ᠎ᠡ ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ᠂ ᠨᠣᠮ ᠪᠢᠴᠢᠭ ᠢ 500 ᠭᠠᠷᠤᠢ ᠬᠤᠪᠢ ᠲᠠᠷᠬᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠵᠢᠵᠢᠭ ᠱᠠᠩᠨᠠᠯ ᠢ 300 ᠭᠠᠷᠤᠢ ᠬᠤᠪᠢ ᠣᠯᠭᠤᠵᠠᠢ᠃    ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠳᠤ᠂ ᠬᠠᠮᠲᠤᠷᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠤᠷᠢᠳ ᠬᠤᠵᠢᠳ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠪᠣᠯᠣᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠰᠤᠷᠤᠭᠴᠢᠳ ᠢ ᠤᠯᠠᠨ ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠦᠵᠡᠭᠦᠯᠦᠯᠭᠡ ᠶᠢᠨ ᠵᠦᠢᠯᠡᠰ ᠲᠠᠢ ᠣᠶᠢᠷᠠᠲᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠠᠵᠢᠯᠲᠠᠳ ᠤᠨ ᠠᠪᠴᠢᠷᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠶᠡᠭᠡ ᠬᠢᠴᠢᠶᠡᠯ ᠢ ᠰᠣᠨᠣᠰᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠦᠵᠡᠭᠦᠯᠦᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠵᠦᠴᠦᠭᠡ ᠵᠡᠷᠭᠡ ᠲᠣᠭᠯᠠᠯᠲᠠ ᠶᠢ ᠰᠣᠨᠢᠷᠬᠠᠭᠤᠯᠪᠠ᠃ ᠡᠯᠪᠡᠭ ᠪᠠᠶᠠᠯᠢᠭ ᠠᠭᠤᠯᠭ᠎ᠠ ᠲᠠᠢ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠨᠢ ᠬᠡᠦᠬᠡᠳ ᠤᠨ ᠬᠠᠶᠢᠨ ᠰᠦᠪᠡᠭᠴᠢᠯᠡᠬᠦ ᠤᠬᠠᠮᠰᠠᠷ ᠪᠠ ᠰᠢᠨ᠎ᠡ ᠶᠢ ᠡᠭᠦᠳᠬᠦ ᠰᠡᠳᠬᠢᠬᠦᠢ ᠶᠢ ᠬᠥᠭᠵᠢᠭᠡᠵᠦ᠂ ᠰᠤᠷᠭᠠᠭᠤᠯᠢ ᠶᠢᠨ ᠬᠦᠷᠢᠶᠡᠨ ᠳᠤ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ ᠥᠭᠴᠡᠢ᠃    ᠰᠢᠩ ᠶᠣᠣ ᠪᠠᠯᠭᠠᠰᠤᠨ ᠤ ᠰᠢᠨ ᠾᠧ ᠲᠣᠰᠬᠤᠨ ᠳᠤ ᠬᠠᠮ ᠲᠡᠷᠭᠡ ᠪᠠᠷ ᠠᠴᠢᠶᠠᠯᠠᠪᠤᠷᠢ ᠪᠣᠯᠭᠠᠵᠤ᠂ ᠦᠵᠡᠭᠦᠯᠦᠯᠭᠡ  ᠶᠢᠨ ᠵᠦᠢᠯᠡᠰ᠂ ᠦᠵᠡᠭᠦᠯᠦᠯᠭᠡ ᠶᠢᠨ ᠰᠠᠮᠪᠠᠷ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠤᠯᠠᠨ ᠲᠦᠮᠡᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠠᠯᠠᠭᠤᠨ ᠰᠡᠳᠬᠢᠯᠭᠡ ᠶᠢ ᠬᠦᠭᠵᠢᠬᠡᠪᠡ᠃ ᠬᠠᠰᠢᠶᠠᠲᠤ  ᠭᠠᠴᠠᠭᠠᠨ ᠳᠤ᠂ ᠭᠠᠴᠠᠭᠠᠨ ᠤ ᠨᠠᠮ ᠤᠨ ᠡᠭᠦᠷ ᠵᠢᠴᠢ ︽ᠬᠤᠶᠠᠷ ᠵᠥᠪᠯᠡᠯ︾ ᠳᠤ ᠺᠣᠮᠫᠢᠦ᠋ᠲ᠋ᠧᠷ ᠵᠢᠴᠢ ᠨᠣᠮ ᠪᠢᠴᠢᠭ ᠬᠠᠨᠳᠢᠪᠯᠡᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠪᠠᠰᠠ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ  ᠬᠤᠷᠢᠶᠠᠨ ᠤ 2 ᠲᠤᠰᠬᠠᠢ ᠮᠡᠷᠭᠡᠵᠢᠯᠲᠡᠨ ᠢ ᠤᠷᠢᠵᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠠ ᠬᠠᠰᠢᠶᠠᠲᠤ ᠭᠠᠴᠠᠭ᠎ᠠ ᠳᠤ ᠰᠠᠭᠤᠯᠭᠠᠵᠤ᠂ 120 ᠭᠠᠷᠤᠢ ᠡᠪᠡᠳᠴᠢᠲᠡᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠪᠡᠳᠴᠢᠲᠡᠨ ᠤ ᠰᠠᠶᠢᠨ ᠦᠨᠡᠯᠡᠯᠲᠡ ᠶᠢ ᠣᠯᠪᠠ ᠃ ᠡᠭᠦᠨ ᠤ ᠵᠡᠷᠭᠡ ᠳᠤ ᠭᠠᠴᠠᠭᠠᠨ ᠤ ᠬᠦᠴᠢᠷᠳᠡᠯ ᠲᠠᠢ ᠨᠠᠮ ᠤᠨ ᠭᠡᠰᠢᠭᠦᠳ ᠢ ᠲᠣᠬᠤᠨᠢᠭᠤᠯᠵᠤ᠂ ᠲᠣᠬᠤᠨᠢᠭᠤᠯᠬᠤ ᠪᠣᠳᠠᠰ ᠬᠦᠷᠭᠡᠵᠡᠢ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠪᠣᠯᠣᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠠᠮᠲᠤ ᠶᠢᠨ ᠴᠢᠷᠮᠠᠶᠢᠯᠭ᠎ᠠ ᠪᠠᠷ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ᠨᠠᠮ ᠡᠪᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠲᠡᠭᠦᠰ ᠠᠮᠵᠢᠯᠲᠠ ᠲᠠᠢ ᠶᠠᠪᠤᠭᠳᠠᠵᠤ᠂ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠤᠯᠠᠮᠵᠢᠯᠠᠵᠤ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠶᠢᠯᠠᠭᠠᠭᠳᠠᠬᠤᠨ ᠪᠠ ᠰᠢᠨᠵᠢᠯᠡᠬᠦ ᠤᠬᠠᠭᠠᠨᠴᠢ ᠠᠮᠢᠳᠤᠷᠠᠯ ᠤᠨ ᠶᠡᠷᠦ ᠶᠢᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠭᠦᠨᠵᠡᠭᠡᠶᠢᠷᠡᠭᠦᠯᠵᠦ᠂ ᠠᠷᠠᠳ ᠤᠯᠠᠨ ᠤ ᠰᠡᠳᠬᠢᠯ ᠳᠤ ᠭᠦᠨ ᠬᠠᠳᠠᠩᠰᠢᠭᠤᠯᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠬᠡᠭᠰᠢᠯᠡᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠴᠢᠳᠠᠯ ᠢᠶᠠᠨ ᠡᠷᠭᠦᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号