ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠨᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/15
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠨᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ        7 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠨᠠᠷ ᠮᠠᠨ ᠤ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠳ᠋ᠧ ᠶᠦᠩ᠂ ᠳᠡᠳ᠋ ᠲᠡᠷᠢᠭᠦᠯᠡᠭᠴᠢ ᠭᠦᠸᠧ ᡁᠢ ᠴᠢᠶᠠᠩ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠥᠪᠥᠷ ᠮᠣᠩᠭᠤᠯ ᠤᠨ ᠴᠠᠬᠢᠯᠭᠠᠨ ᠬᠦᠴᠦᠨ︵ᠪᠦᠯᠦᠭᠯᠡᠯ︶︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠠᠵᠤ ᠠᠬᠤᠶᠢᠴᠢ ᠯᠢ ᠶᠦᠩ ᠱᠧᠩ᠂ ᠰᠢᠯᠢ ᠶᠢᠨ ᠭᠤᠣᠯ ᠤᠨ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ  ᠬᠤᠷᠢᠶᠠᠨ ᠤ ᠱᠦᠵᠢ᠂ ᠳᠡᠳ᠋ ᠶᠡᠷᠦᠩᠬᠡᠢ ᠳᠠᠭᠠᠭᠠᠮᠠᠯ ᠦ᠋ ᠶᠦᠩ ᠴᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠰᠢᠩ ᠶᠣᠣ ᠪᠠᠯᠭᠠᠰᠤᠨ ᠤ ᠶᠦᠩ ᠾᠧ ᠲᠣᠰᠬᠤᠨ ᠤ ᠪᠡᠭᠡᠵᠢᠩ ᠥᠪᠥᠷ ᠮᠣᠩᠭᠤᠯ ᠤᠨ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ  ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠦᠢᠯᠡᠰ ᠤᠨ ᠬᠦᠷᠢᠶᠡᠯᠡᠩ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠢᠩᠬᠢᠮ ᠪᠣᠯᠣᠨ ᠲᠠᠷᠢᠮᠠᠯ ᠤᠨ ᠬᠦᠯᠡᠮᠵᠢ ᠶᠢ ᠲᠣᠭᠤᠷᠢᠨ ᠦᠵᠡᠵᠦ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠣᠨ ᠬᠤᠯᠪᠣᠯᠳᠤᠨ ᠳᠠᠶᠢᠴᠢᠯᠠᠬᠤ ᠪᠠᠶᠢᠳᠠᠯ ᠢ ᠨᠠᠷᠢᠨ ᠣᠶᠢᠯᠠᠭᠠᠪᠠ᠃    ᠮᠢᠩᠭᠠᠨᠲᠤ ᠪᠠᠯᠭᠠᠰᠤ ᠶᠢᠨ ᠨᠠᠷᠠᠳᠤ  ᠭᠠᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠡᠷᠦᠬᠡ  ᠲᠡᠮᠦᠷᠦ᠋ᠯᠵᠠᠢ ᠶᠢᠨ ᠭᠡᠷ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠡᠮᠦᠷᠦ᠋ᠯᠵᠠᠢ ᠶᠢᠨ ᠴᠠᠭᠠᠨ ᠢᠳᠡᠭᠡᠨ ᠤ ᠦᠢᠯᠡᠳᠬᠡᠯ ᠤᠨ ᠭᠠᠵᠠᠷ ᠢᠶᠠᠷ ᠲᠣᠭᠤᠷᠢᠨ ᠦᠵᠡᠵᠦ᠂ ᠰᠣᠯᠢᠯᠴᠠᠨ ᠶᠠᠷᠢᠯᠴᠠᠬᠤ ᠪᠠᠷ ᠳᠠᠮᠵᠢᠨ᠂ ᠠᠵᠤ ᠦᠢᠯᠡᠰ ᠢ ᠬᠥᠭᠵᠢᠭᠦᠯᠵᠦ ᠣᠷᠣᠯᠭ᠎ᠠ ᠶᠢ ᠨᠡᠮᠡᠭᠳᠡᠭᠦᠯᠬᠦ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠪᠡ᠃    ᠡᠷᠳᠡᠨᠢ ᠶᠢᠨ ᠲᠠᠯ᠎ᠠ ᠶᠢᠨ ᠣᠳᠣᠬᠢᠴᠢᠯᠠᠭᠰᠠᠨ ᠦᠬᠡᠷ ᠬᠤᠨᠢ ᠶᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠤᠨ ᠦᠢᠯᠡᠳᠪᠦᠷᠢᠯᠡᠨ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠬᠤ ᠪᠠᠷ  ᠳᠠᠮᠵᠢᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠨᠥᠯᠥᠭᠡᠯᠡᠨ ᠳᠠᠶᠢᠴᠢᠯᠠᠭᠰᠠᠨ ᠪᠠᠶᠢᠳᠠᠯ ᠢ ᠨᠠᠷᠢᠨ ᠣᠶᠢᠯᠠᠭᠠᠪᠠ᠃    ᠪᠤᠯᠠᠭᠠᠨᠲᠤᠬᠤᠢ  ᠰᠤᠮᠤᠨ ᠤ ᠬᠦᠩᠨᠠᠭᠤᠷ  ᠭᠠᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂  ᠪᠣᠯᠪᠠᠰᠤᠨ ᠪᠦᠯᠬᠦᠮᠳᠡᠯ ᠤᠨ ᠬᠡᠳᠦ ᠳᠡᠯᠭᠡᠭᠦᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠰᠠᠭᠤᠭ᠎ᠠ ᠭᠠᠵᠠᠷ ᠢᠶᠠᠷ ᠲᠣᠭᠤᠷᠢᠨ ᠦᠵᠡᠵᠦ᠂ ᠶᠠᠷᠢᠯᠴᠠᠨ ᠰᠣᠯᠢᠯᠴᠠᠬᠤ ᠪᠠᠷ ᠳᠠᠮᠵᠢᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠮᠢᠩᠭᠠᠨᠲᠤ ᠪᠠᠯᠭᠠᠰᠤᠨ ᠤ ᠴᠤᠭ᠋ᠦ᠋ᠨᠳᠦᠷ ᠭᠠᠴᠠᠭᠠᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠰᠠᠭᠤᠭ᠎ᠠ ᠭᠠᠵᠠᠷ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠯᠪᠠᠨ ᠠᠮᠢᠳᠤᠷᠠᠯ ᠤᠨ ᠲᠠᠯᠠᠪᠤᠷ᠂ ᠮᠣᠩᠭᠤᠯ ᠴᠠᠬᠢᠯᠭᠠᠨ ᠨᠣᠮ ᠤᠨ ᠥᠷᠥᠭᠡ᠂ ᠮᠣᠩᠭᠤᠯ ᠴᠠᠬᠢᠯᠭᠠᠨ ᠰᠤᠷᠭᠠᠭᠤᠯᠢ ᠪᠣᠯᠣᠨ ᠮᠣᠩᠭᠤᠯ ᠴᠠᠬᠢᠯᠭᠠᠨ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠢᠶᠠᠷ ᠲᠣᠭᠤᠷᠢᠨ ᠦᠵᠡᠵᠦ᠂ ᠶᠠᠷᠢᠯᠴᠠᠨ ᠰᠣᠯᠢᠯᠴᠠᠬᠤ ᠪᠠᠷ ᠳᠡᠮᠵᠢᠨ᠂ ᠲᠣᠰᠬᠤᠨ ᠳᠤ ᠰᠠᠭᠤᠭ᠎ᠠ ᠠᠵᠢᠯ ᠤᠨ ᠪᠠᠶᠢᠳᠠᠯ ᠪᠣᠯᠣᠨ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠭᠤᠷᠪᠠᠨ ᠱᠠᠲᠤᠨ ᠤ ᠴᠠᠬᠢᠯᠭᠠᠨ ᠬᠦᠴᠦᠨ ᠤ ᠬᠤᠯᠪᠤᠭᠠᠯᠠᠨ ᠬᠥᠳᠡᠯᠦᠯᠴᠡᠵᠦ ᠬᠠᠪᠰᠤᠷᠤᠨ ᠲᠡᠳᠬᠦᠬᠦ ᠲᠥᠯᠦᠪᠵᠢᠭᠦᠯᠭᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠮᠢᠩᠭᠠᠲᠤ ᠪᠠᠯᠭᠠᠰᠤᠨ ᠤ  ᠨᠠᠶᠢᠮᠠ ᠶᠢᠨ ᠠᠭᠤᠯᠠ ᠨᠡᠶᠢᠭᠡᠮ ᠲᠣᠭᠤᠷᠢᠭ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠡᠶᠢᠭᠡᠮ ᠲᠣᠭᠤᠷᠢᠭ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ  ᠲᠢᠩᠬᠢᠮ᠂ ᠰᠣᠶᠣᠯ ᠴᠡᠩᠭᠡᠯ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠢᠶᠠᠷ ᠲᠣᠭᠤᠷᠢᠨ ᠦᠵᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠠᠮᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠪᠣᠯᠣᠨ ᠠᠷᠠᠳ ᠲᠦᠮᠡᠨ ᠳᠤ ᠦᠢᠯᠡᠴᠢᠯᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠸᠧᠢ ᠭᠦᠸᠧ ᠨᠠᠨ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠴᠢᠬᠤᠯᠠᠴᠢᠯᠠᠭᠰᠠᠨ ᠨᠢ᠂ ᠨᠢᠭᠡ ᠳᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠢᠷᠡᠭᠡᠳᠦᠢ ᠶᠢ ᠪᠠᠷᠠᠯᠠᠵᠤ᠂ ᠬᠠᠨᠳᠤᠰᠢ ᠶᠢ ᠠᠳᠬᠤᠵᠤ᠂ ᠴᠢᠭᠯᠡᠯ ᠢ ᠣᠨᠣᠪᠴᠢᠲᠠᠢ ᠡᠵᠡᠮᠳᠡᠵᠦ᠂ ︽ᠢᠨᠲ᠋ᠧᠷ ᠰᠦᠯᠵᠢᠶ᠎ᠡ +︾ ᠶᠢᠨ ᠦᠢᠯᠡᠳᠦᠯᠭᠡ ᠶᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠪᠣᠯᠣᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠷᠠᠳ ᠲᠤ ᠦᠢᠯᠡᠴᠢᠯᠡᠬᠦ ᠠᠵᠢᠯ ᠤᠨ ᠮᠡᠳᠡᠭᠡ ᠵᠠᠩᠭᠢᠵᠢᠯᠲᠠ ᠶᠢ ᠠᠬᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠢ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠬᠤᠯᠠᠴᠢᠯᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠬᠥᠮᠥᠨ ᠠᠮᠠ ᠶᠢᠨ ᠨᠠᠷᠢᠨ ᠪᠣᠳᠠᠲᠠᠢ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠷᠢ ᠲᠤᠭ᠎ᠠ ᠶᠢ ᠲᠣᠳᠣᠷᠬᠠᠢ ᠪᠠᠶᠢᠳᠠᠯ ᠢ ᠪᠠᠲᠤᠯᠠᠵᠤ᠂ ᠠᠷᠠᠳ ᠤᠨ ᠠᠮᠢᠳᠤᠷᠠᠯ  ᠤᠨ ᠪᠠᠲᠤᠯᠭ᠎ᠠ ᠪᠠ ᠠᠷᠠᠳ ᠲᠦᠮᠡᠨ ᠳᠤ ᠦᠢᠯᠡᠴᠢᠯᠡᠬᠦ ᠠᠵᠢᠯ ᠢ ᠣᠨᠣᠪᠴᠢᠲᠠᠶ ᠰᠠᠶᠢᠲᠤᠷ ᠬᠢᠨ᠎ᠡ᠃ ᠡᠭᠦᠨ ᠤ ᠬᠠᠮᠲᠤ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠠᠴᠢᠶᠠᠯᠠᠪᠤᠷᠢ ᠪᠣᠯᠭᠠᠵᠤ᠂ ᠦᠢᠯᠡ ᠠᠵᠢᠯᠯᠠᠭ᠎ᠠ ᠪᠠᠷ ᠢᠶᠠᠨ ᠦᠭᠡ ᠶᠠᠷᠢᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠨᠢᠭᠡ ᠨᠢᠭᠡ ᠪᠠᠷ ᠪᠦᠲᠦᠭᠡᠵᠦ᠂ ᠨᠢᠭᠡ ᠨᠢᠭᠡ ᠪᠠᠷ ᠨᠠᠶᠢᠳᠠᠪᠤᠷᠢᠵᠢᠭᠤᠯᠵ᠊ ᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠦᠨᠡᠨᠬᠦ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号