ᠰᠢᠯᠤᠭᠤᠨ ᠬᠥᠪᠡᠭᠡᠲᠦ ᠴᠠᠭᠠᠨ ᠬᠤᠰᠢᠭᠤ ᠠᠯᠪᠠᠲᠠᠨ ᠤ ᠲᠤᠰᠢᠶᠠᠯ ᠤᠨ ᠳᠡᠰ ᠢ ᠳᠡᠪᠰᠢᠭᠦᠯᠬᠦ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/15
ᠰᠢᠯᠤᠭᠤᠨ ᠬᠥᠪᠡᠭᠡᠲᠦ ᠴᠠᠭᠠᠨ ᠬᠤᠰᠢᠭᠤ ᠠᠯᠪᠠᠲᠠᠨ ᠤ ᠲᠤᠰᠢᠶᠠᠯ ᠤᠨ ᠳᠡᠰ ᠢ ᠳᠡᠪᠰᠢᠭᠦᠯᠬᠦ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠭᠤᠯᠪᠠ    7 ᠰᠠᠷ᠎ᠠ ᠶᠢᠨ 14 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠯᠪᠠᠲᠠᠨ ᠤ ᠲᠤᠰᠢᠶᠠᠯ ᠤᠨ ᠲᠠᠰ ᠢ ᠳᠡᠪᠰᠢᠭᠦᠯᠬᠦ ᠬᠠᠮᠲᠤ ᠶᠢᠨ ᠶᠠᠷᠢᠯᠴᠠᠭᠠᠨ ᠤ ᠬᠤᠷᠠᠯ ᠬᠢᠪᠡ᠃ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠠᠯᠳ᠋ᠬᠠᠠᠭᠤᠯᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 93 ᠨᠡᠷᠡᠰ ᠰᠢᠨ᠎ᠡ ᠪᠠᠷ ᠵᠡᠷᠭᠡ ᠳᠡᠪᠰᠢᠭᠰᠡᠨ  ᠠᠯᠪᠠᠲᠠᠨ ᠬᠤᠷᠠᠯ ᠳᠤ ᠣᠷᠣᠯᠴᠠᠪᠠ᠃  ᠠᠯᠳ᠋ᠬᠠᠠᠭᠤᠯᠠ ᠵᠡᠷᠭᠡ ᠳᠡᠪᠰᠢᠭᠰᠡᠨ ᠠᠯᠪᠠᠲᠠᠨ ᠳᠤ ᠬᠦᠰᠡᠯ ᠱᠠᠭᠠᠷᠳᠠᠯᠭ᠎ᠠ ᠳᠤᠷᠠᠳᠴᠤ᠂ ᠤᠯᠠᠨ ᠢᠶᠠᠷ ᠢᠶᠠᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠠᠯᠠᠮᠵᠢᠯᠠᠯ ᠳᠤ ᠲᠠᠯᠠᠷᠬᠠᠨ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠦᠷᠭᠦᠯᠵᠢᠯᠡᠨ ᠴᠢᠷᠮᠠᠶᠢᠨ ᠤᠷᠤᠭᠰᠢᠯᠠᠵᠤ᠂ ᠪᠦᠭᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠬᠡᠪᠡ᠃ ᠲᠡᠷᠡ ᠴᠢᠬᠤᠯᠠᠴᠢᠯᠠᠭᠰᠠᠨ ᠨᠢ᠄ ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵ᠊ ᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠢ᠃ ᠬᠤᠶᠠᠷ ᠲᠤ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠲᠤᠰ ᠲᠤᠰ ᠤᠨ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠰᠤᠷᠤᠯᠴᠠᠯᠭ᠎ᠠ ᠪᠠᠨ ᠦᠨᠡᠨᠬᠦ ᠴᠢᠩᠭᠠᠳᠬᠠᠵᠤ᠂ ᠥᠷᠭᠡᠴᠡ᠂ ᠭᠦᠨᠴᠡ᠂ ᠨᠠᠷᠢᠯᠢᠭ ᠤᠨ ᠲᠠᠯ᠎ᠠ ᠪᠠᠷ ᠬᠦᠴᠦ ᠣᠷᠣᠭᠤᠯᠵᠤ᠂ ᠲᠤᠰ ᠪᠡᠶ᠎ᠡ ᠶᠢᠨ ᠬᠡᠪ ᠪᠣᠯᠪᠠᠰᠤᠷᠠᠯ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠰᠢᠷ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠠᠵᠢᠯ ᠬᠢᠵᠦ ᠦᠢᠯᠡᠰ ᠪᠣᠰᠬᠠᠬᠤ ᠶᠢᠨ ᠦᠯᠢᠬᠡᠷ ᠳᠠᠭᠤᠷᠢᠶᠠᠯ ᠪᠣᠯᠬᠤ ᠬᠡᠷᠡᠭᠲᠡᠢ᠃ ᠲᠣᠰ ᠤᠳᠠᠭ᠎ᠠ ᠵᠡᠷᠭᠡ ᠳᠡᠪᠰᠢᠭᠰᠡᠨ ᠤᠳᠤᠷᠢᠳᠬᠤ ᠺᠠᠳ᠋ᠷ᠂ ᠵᠠᠯᠠᠭᠤ ᠺᠠᠳ᠋ᠷ ᠵᠢᠴᠢ ᠠᠵᠢᠯ ᠠᠴᠠ ᠪᠠᠨ ᠠᠮᠠᠷᠠᠬᠤ ᠨᠠᠰᠤᠨ ᠳᠤ ᠣᠶᠢᠷᠠᠲᠤᠭᠰᠠᠨ ᠺᠠᠳ᠋ᠷᠴᠤᠳ ᠴᠥᠮ ᠦᠷᠭᠦᠯᠵᠢᠯᠡᠨ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠪᠥᠬᠦ ᠬᠦᠴᠦᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠰᠡᠳᠬᠢᠯ ᠰᠠᠨᠠᠭ᠎ᠠ ᠪᠠ ᠣᠶᠤᠨ ᠴᠢᠳᠠᠯ ᠢᠶᠠᠨ ᠠᠵᠢᠯ ᠶᠠᠪᠤᠳᠠᠯ ᠬᠢᠵᠦ ᠦᠢᠯᠡᠰ ᠴᠣᠭᠴᠠᠯᠠᠬᠤ ᠳᠡᠭᠡᠷ᠎ᠡ ᠵᠠᠷᠤᠴᠠᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠳᠥᠷᠪᠡ ᠳᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠭᠦᠨ ᠵᠤᠵᠠᠭᠠᠨ ᠬᠠᠶᠢᠷ᠎ᠠ ᠪᠠ ᠬᠦᠨᠳᠦ ᠨᠠᠶᠢᠳᠠᠯᠭ᠎ᠠ ᠶᠢ ᠬᠤᠪᠢ ᠲᠠᠬᠢᠨ ᠨᠠᠨᠳᠢᠩᠨᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ  ᠴᠢᠬᠤᠯᠠ ᠠᠮᠢᠨ ᠰᠤᠳᠠᠰᠤ ᠪᠣᠯᠭᠠᠵᠤ᠂ ᠨᠠᠮ ᠤᠨ ᠰᠠᠬᠢᠯᠭ᠎ᠠ ᠪᠠᠲᠤ ᠬᠠᠤᠯᠢ ᠲᠣᠭᠲᠠᠭᠠᠯ ᠢ  ᠥᠨᠳᠥᠷ ᠬᠦᠴᠦᠳᠡᠯᠲᠦ ᠴᠠᠬᠢᠯᠭᠠᠨ ᠤᠲᠠᠰᠤ ᠪᠣᠯᠭᠠᠵᠤ᠂ ᠰᠠᠬᠢᠯᠭ᠎ᠠ ᠪᠠᠲᠤ ᠶᠢᠨ ᠤᠬᠠᠮᠰᠠᠷ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠠᠯᠪᠠᠨ ᠲᠤᠰᠢᠶᠠᠯᠲᠠᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃    ᠬᠤᠷᠠᠯ ᠳᠡᠭᠡᠷ᠎ᠡ᠂  ᠰᠢᠨ᠎ᠡ ᠪᠠᠷ ᠵᠡᠷᠭᠡ ᠳᠡᠪᠰᠢᠭᠰᠡᠨ ᠭᠤᠷᠪᠠᠨ ᠺᠠᠳ᠋ᠷ ᠤᠨ ᠲᠥᠯᠥᠭᠡᠯᠡᠭᠴᠢ ᠲᠤᠰ ᠲᠤᠰ ᠣᠪᠣᠷ ᠢᠶᠠᠨ ᠢᠯᠡᠳᠬᠡᠵᠦ ᠶᠠᠷᠢᠶ᠎ᠠ ᠲᠠᠯᠪᠢᠪᠠ᠃ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠺᠢᠨᠣ᠋ ︽ᠨᠠᠮ ᠤᠨ ᠲᠡᠦᠬᠡᠨ ᠳᠠᠬᠢ ᠠᠷᠢᠭᠤᠨ ᠴᠢᠬᠡᠴᠢ  ᠶᠢᠨ ᠦᠯᠢᠭᠡᠷ︾ ᠢ ᠦᠵᠡᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号