ᠪᠥᠬᠦ ᠠᠶᠢᠮᠠᠭ ᠤᠨ ᠴᠣᠷ ᠤᠨ ᠭᠠᠭᠴᠠ ︱ ᠮᠠᠨ ᠤ ᠬᠤᠰᠢᠭᠤᠨ ᠤ 1 ᠬᠥᠮᠥᠨ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠤᠨ ᠴᠣᠯᠠ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/7/4
ᠪᠥᠬᠦ ᠠᠶᠢᠮᠠᠭ ᠤᠨ ᠴᠣᠷ ᠤᠨ ᠭᠠᠭᠴᠠ ︱ ᠮᠠᠨ ᠤ ᠬᠤᠰᠢᠭᠤᠨ ᠤ 1 ᠬᠥᠮᠥᠨ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠤᠨ ᠴᠣᠯᠠ ᠪᠠᠷ ᠰᠣᠩᠭᠤᠭᠳᠠᠪᠠ    ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠴᠤᠳ ᠪᠠᠭᠠᠴᠤᠳ ᠤᠨ ︽ᠠᠮᠢᠳᠤᠷᠠᠯ ᠤᠨ ᠠᠩᠬᠠᠨ ᠤ ᠲᠣᠪᠴᠢ ᠪᠠᠨ ᠰᠠᠶᠢᠲᠤᠷ ᠲᠣᠪᠴᠢᠯᠠᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠳᠤᠮᠳᠠᠬᠢ ᠨᠡᠶᠢᠲᠡᠯᠢᠭ ᠳᠠᠭᠤᠷᠢᠶᠠᠯ ᠢ ᠬᠥᠮᠥᠵᠢᠭᠦᠯᠵᠦ᠂ ᠪᠦᠬᠦ ᠣᠷᠣᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ  ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠪᠦᠬᠦ ᠣᠷᠣᠨ ᠳᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾︾ ᠢ ᠰᠣᠩᠭᠤᠨ ᠭᠠᠷᠭᠠᠬᠤ ᠪᠠ ᠰᠤᠷᠤᠯᠴᠠᠵᠤ ᠤᠬᠠᠭᠤᠯᠬᠤ ᠠᠵᠢᠯᠯᠠᠭ᠎ᠠ ᠥᠷᠨᠢᠭᠦᠯᠵᠡᠢ᠃  ᠰᠤᠷᠤᠭᠴᠢᠳ ᠢ ᠥᠪᠡᠷ ᠢᠶᠠᠨ ᠪᠡᠶ᠎ᠡ ᠪᠠᠨ ᠲᠠᠨᠢᠯᠴᠠᠭᠤᠯᠬᠤ᠂  ᠬᠠᠷᠢᠯᠴᠠᠨ ᠲᠠᠨᠢᠯᠴᠠᠭᠤᠯᠬᠤ᠂ ᠰᠤᠷᠭᠠᠭᠤᠯᠢ ᠪᠠ ᠨᠡᠶᠢᠭᠡᠮ ᠠᠴᠠ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠠᠶᠢᠮᠠᠭ ᠬᠤᠲᠠ ᠶᠢᠨ ᠱᠠᠲᠤ ᠳᠠᠷᠠᠭᠠᠯᠠᠨ ᠰᠢᠯᠢᠨ ᠰᠣᠩᠭᠤᠬᠤ᠂ ᠥᠪᠡᠷᠲᠡᠭᠡᠨ ᠵᠠᠰᠠᠬᠤ ᠣᠷᠣᠨ  ᠤ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ᠂ ᠨᠡᠶᠢᠭᠡᠮ  ᠤᠨ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠰᠢᠨ ᠽᠢ ᠶᠢᠩ ᠵᠡᠷᠭᠡ 24 ᠰᠣᠷᠣᠭᠴᠢ ᠳᠤ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠤᠨ ᠴᠣᠯᠠ ᠣᠯᠭᠤᠵᠤ᠂ ᠮᠠᠨ ᠤ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ  ᠴᠠᠨ᠎ᠠ ᠰᠣᠩᠭᠤᠭᠳᠠᠪᠠ᠃  ᠠᠶᠢᠮᠠᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ 2022 ᠣᠨ ᠤ ᠰᠢᠯᠢ ᠶᠢᠨ ᠭᠤᠣᠯ ᠠᠶᠢᠮᠠᠭ ᠤᠨ 24  ᠨᠡᠷᠡᠰ  ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠢ ᠢᠵᠢᠯ ᠠᠯᠬᠤᠮᠲᠤ   ᠪᠠᠷ ᠨᠡᠷᠡᠶᠢᠳᠬᠦ ᠪᠠᠷ ᠪᠣᠶ᠃    ᠣᠲᠣ ᠪᠣᠯᠲᠠᠯ᠎ᠠ᠂ ᠪᠥᠬᠦ ᠠᠶᠢᠮᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ 6 ᠬᠥᠮᠥᠨ  ᠪᠠᠶᠢᠵᠤ᠂ ᠰᠢᠯᠢ ᠶᠢᠨ ᠭᠤᠣᠯ ᠠᠶᠢᠮᠠᠭ ᠤᠨ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ 29 ᠬᠥᠮᠥᠨ ᠪᠠᠶᠢᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号