ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠰᠣᠩᠭᠤᠨ ᠳᠤᠬᠢᠷᠠᠭᠤᠯᠬᠤ ᠰᠣᠷᠣᠭᠴᠢ ᠎ ᠶᠢᠨ ᠪᠣᠯᠪᠠᠰᠤᠷᠠᠭᠤᠯᠤᠯ ᠵᠢᠴᠢ ᠵᠠᠯᠠᠭᠤ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/8/5
ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠰᠣᠩᠭᠤᠨ ᠳᠤᠬᠢᠷᠠᠭᠤᠯᠬᠤ ᠰᠣᠷᠣᠭᠴᠢ ᠎ ᠶᠢᠨ ᠪᠣᠯᠪᠠᠰᠤᠷᠠᠭᠤᠯᠤᠯ ᠵᠢᠴᠢ ᠵᠠᠯᠠᠭᠤ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠡᠷᠭᠢᠯᠡᠪᠡ    8 ᠰᠠᠷ᠎ᠠ ᠶᠢᠨ 3᠎ ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠰᠣᠩᠭᠤᠨ ᠳᠤᠬᠢᠷᠠᠭᠤᠯᠬᠤ ᠰᠣᠷᠣᠭᠴᠢ ᠎ ᠶᠢᠨ  ᠪᠣᠯᠪᠠᠰᠤᠷᠠᠭᠤᠯᠤᠯ ᠵᠢᠴᠢ ᠵᠠᠯᠠᠭᠤ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠠᠯᠳ᠋ᠬᠠᠠᠭᠤᠯᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠪᠥᠬᠦ ᠬᠤᠰᠢᠭᠤᠨ ᠤ 2019 --- 2021 ᠣᠨ ᠤ ᠰᠣᠩᠭᠤᠨ ᠳᠤᠬᠢᠷᠠᠭᠤᠯᠬᠤ ᠰᠣᠷᠣᠭᠴᠢ ᠵᠢᠴᠢ ᠬᠡᠰᠡᠭ ᠵᠠᠯᠠᠭᠤ ᠺᠠᠳ᠋ᠷ ᠨᠡᠶᠢᠲᠡ 48 ᠬᠥᠮᠥᠨ ᠪᠣᠯᠪᠠᠰᠤᠷᠠᠯ ᠳᠤ ᠣᠷᠣᠯᠴᠠᠵᠠᠢ᠃   ᠠᠯᠳ᠋ᠬᠠᠠᠭᠤᠯᠠ ᠵᠢᠭᠠᠵᠤ ᠭᠠᠷᠭᠠᠭᠰᠠᠨ ᠨᠢ᠂ ᠵᠠᠯᠠᠭᠤ ᠺᠠᠳ᠋ᠷᠴᠤᠳ ᠪᠣᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠦᠰᠡᠯ ᠡᠷᠡᠮᠡᠯᠵᠡᠯ ᠮᠥᠨ᠂ ᠰᠢᠯᠢᠳᠡᠭ ᠵᠠᠯᠠᠭᠤ ᠺᠠᠳ᠋ᠷᠴᠤᠳ ᠢ ᠬᠥᠮᠥᠵᠢᠭᠦᠯᠬᠦ ᠪᠣᠯ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠶᠢᠮᠦ ᠠᠴᠠ ᠰᠢᠯᠢᠳᠡᠭ ᠵᠠᠯᠠᠭᠤ ᠺᠠᠳ᠋ᠷ ᠢ ᠬᠥᠮᠥᠵᠢᠭᠦᠯᠬᠦ ᠶᠠᠪᠤᠳᠠᠯ ᠢ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ ᠴᠢᠩᠭ᠎ᠠ ᠠᠳᠬᠤᠵᠤ᠂ ᠪᠦᠭᠦ ᠬᠤᠰᠢᠭᠤᠨ ᠤ ᠡᠯ᠎ᠡ ᠵᠦᠢᠯ ᠤᠨ ᠦᠢᠯᠡᠰ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠦᠶ᠎ᠡ ᠶᠢᠨ ᠦᠶ᠎ᠡ ᠳᠤ ᠤᠯᠠᠮᠵᠢᠯᠠᠨ ᠵᠠᠯᠭᠠᠮᠵᠢᠯᠠᠬᠤ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠡᠭᠦᠨ ᠤ ᠬᠠᠮᠲᠤ ᠵᠠᠯᠠᠭᠤ ᠺᠠᠳ᠋ᠷᠴᠤᠳ ᠨᠢᠭᠡ ᠳᠤ ᠬᠦᠰᠡᠯᠡᠩ ᠪᠠ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠤᠬᠠᠮᠰᠠᠷ ᠠᠴᠠ ᠪᠠᠨ ᠤᠯᠤᠰ ᠲᠦᠷᠦ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠪᠠᠶᠢᠳᠠᠯ ᠢᠶᠠᠨ ᠪᠠᠲᠤᠯᠠᠵᠤ᠂ ᠠᠵᠢᠯ ᠬᠢᠵᠦ ᠦᠢᠯᠡᠰ ᠪᠦᠲᠦᠭᠡᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ ᠬᠡᠷᠡᠭᠲᠡᠢ᠃ ᠴᠠᠭ ᠦᠶ᠎ᠡ ᠶᠢᠨ ᠲᠠᠪᠰᠢᠯᠳᠠ ᠪᠠ ᠠᠵᠢᠯ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠭ᠎ᠠ  ᠲᠣᠭᠲᠠᠭᠤᠨ ᠢ ᠬᠠᠮᠠᠭᠠᠯᠠᠬᠤ ᠵᠡᠷᠭᠡ ᠪᠠᠴᠢᠮ ᠬᠦᠴᠢᠷᠲᠡᠢ ᠠᠶᠤᠯᠲᠠᠢ ᠠᠵᠢᠯ ᠤᠨ ᠪᠠᠶᠢᠷᠢ ᠶᠢᠨ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠲᠤᠷᠰᠢᠯᠭ᠎ᠠ ᠬᠤᠷᠠᠮᠳᠤᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠭᠤᠷᠪᠠ ᠳᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ︽ᠤᠯᠤᠰ ᠤᠨ ᠶᠡᠭᠡ ᠦᠢᠯᠡᠰ︾︾᠎ ᠢ ᠪᠣᠳᠣᠯᠬᠢᠯᠠᠵᠤ᠂ ᠳᠡᠭᠡᠳᠦ ᠱᠠᠲᠤᠨ ᠤ ᠪᠠᠶᠢᠳᠠᠯ ᠢ ᠣᠶᠢᠯᠠᠭᠠᠨ᠂ ᠳᠣᠣᠷᠠᠳᠤ ᠱᠠᠲᠤᠨ ᠤ ᠪᠠᠶᠢᠳᠠᠯ ᠢ ᠡᠵᠡᠮᠰᠢᠵᠦ᠂ ᠰᠤᠮᠤ ᠪᠠᠯᠭᠠᠰᠤ ᠪᠣᠯᠣᠨ ᠰᠠᠯᠠᠭ᠎ᠠ ᠮᠥᠴᠢᠷ ᠤᠨ ᠠᠵᠢᠯ ᠢ ᠪᠦᠬᠦ ᠲᠠᠯ᠎ᠠ ᠶᠢᠨ ᠠᠵᠢᠯ ᠳᠤ ᠠᠭᠤᠰᠤᠯᠴᠠᠭᠤᠯᠬᠤ ᠳᠠᠭᠠᠨ ᠴᠢᠳᠠᠮᠠᠭᠠᠢ ᠪᠠᠶᠢᠵᠤ᠂ ᠭᠦᠨᠵᠡᠭᠡᠢ ᠰᠤᠳᠤᠯᠵᠤ᠂ ᠶᠡᠷᠦᠩᠬᠡᠶᠢᠯᠡᠨ ᠵᠠᠳᠠᠯᠵᠤ᠂ ᠠᠵᠢᠯ ᠤᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ ᠠᠷᠢᠭᠤᠨ ᠴᠢᠬᠡᠴᠢ ᠪᠠᠶᠢᠬᠤ ᠬᠡᠷᠡᠭᠲᠡᠢ᠃ ᠴᠠᠭ ᠢᠮᠠᠭᠲᠠ ᠪᠡᠶ᠎ᠡ ᠪᠠᠨ ᠬᠢᠴᠢᠶᠡᠵᠦ ᠪᠡᠶ᠎ᠡ ᠪᠠᠨ ᠲᠤᠩᠭᠠᠵᠤ ᠂ ᠰᠠᠬᠢᠯᠭ᠎ᠠ ᠪᠠᠲᠤ ᠬᠠᠤᠯᠢ ᠳᠦᠷᠢᠮ ᠢ ᠴᠢᠩᠭ᠎ᠠ ᠰᠠᠬᠢᠵᠤ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠲᠠᠰᠤᠷᠠᠯᠲᠠ ᠦᠭᠡᠢ ᠴᠡᠪᠡᠷᠰᠢᠭᠦᠯᠵᠦ᠂ ᠡᠷᠡᠭᠦᠯ ᠰᠠᠷᠠᠭᠤᠯ ᠳᠤᠷ᠎ᠠ ᠰᠣᠨᠢᠷᠬᠠᠯ ᠢ ᠪᠣᠶ ᠪᠣᠯᠭᠠᠵᠤ᠂ ᠡᠭᠡᠯ ᠪᠣᠷᠣᠭᠵᠢᠭᠤᠨ ᠠᠮᠢᠳᠤᠷᠠᠯ ᠢ ᠡᠷᠬᠢᠮᠯᠡᠬᠦ ᠬᠡᠷᠡᠭᠲᠡᠢ᠃    ᠪᠣᠯᠪᠠᠰᠤᠷᠠᠯ ᠤᠨ ᠠᠩᠭᠢ  ᠶᠢ ︽ᠣᠨᠣᠯ ᠢᠶᠠᠷ ᠬᠢᠴᠢᠶᠡᠯᠯᠡᠬᠦ + ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ︾ ᠬᠡᠯᠪᠡᠷᠢ ᠪᠠᠷ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢ ᠴᠦᠨ ᠶᠤᠸᠠᠨ ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ︽ᠢᠲᠡᠭᠡᠯ ᠪᠢᠰᠢᠷᠡᠯ ᠲᠠᠢ᠂ ᠢᠲᠡᠭᠡᠯ ᠵᠣᠷᠢᠭ ᠲᠠᠢ ︱ ᠯᠠᠪᠳᠠᠭᠤᠨ ᠪᠠᠲᠤᠲᠠᠢ ᠪᠠᠷ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠵᠠᠯᠠᠭᠤ ᠺᠠᠳ᠋ᠷ ᠪᠣᠯᠣᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃ ᠲᠤᠬᠠᠢ ᠶᠢᠨ ᠭᠠᠵᠠᠷ ᠤᠨ ᠦᠵᠡᠭᠦᠯᠦᠯᠭᠡ ᠶᠢᠨ ᠶᠠᠪᠤᠴᠠ ᠳᠤ᠂ ᠵᠠᠯᠠᠭᠤ ᠺᠠᠳ᠋ᠷᠴᠤᠳ ᠤᠷᠢᠳ ᠬᠤᠵᠢᠳ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠴᠢᠶᠠᠨ ᠶᠢᠨ ᠳ᠋ᠠ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠨᠴᠠ ᠬᠤᠪᠢᠰᠤᠯᠳᠤ ᠴᠠᠬᠢᠯᠭᠠᠨ ᠤ ᠠᠵᠤ ᠦᠢᠯᠡᠳᠪᠦᠷᠢ ᠶᠢᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠵᠢᠶᠠᠨ ᠠᠨ ᠴᠧᠩ ︵ᠥᠪᠥᠷ ᠮᠣᠩᠭᠤᠯ︶ ᠰᠢᠨ᠎ᠡ ᠡᠨᠧᠷᠭᠢ ᠶᠢᠨ ᠰᠢᠨᠵᠢᠯᠡᠬᠦ  ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠶᠣᠣ ᠪᠠᠯᠭᠠᠰᠤᠨ ᠤ ᠶᠦᠩ ᠾᠧ ᠲᠣᠰᠬᠤᠨ ᠤ ᠪᠡᠭᠡᠵᠢᠩ ᠥᠪᠥᠷ ᠮᠣᠩᠭᠤᠯ ᠤᠨ ᠣᠳᠣᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠦᠢᠯᠡᠳᠪᠦᠷᠢᠯᠡᠯ ᠡᠵᠡᠩᠨᠡᠯᠲᠡ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠠᠵᠢᠯ ᠤᠨ ᠶᠠᠪᠤᠴᠠ᠂ ᠠᠵᠤ ᠠᠬᠤᠶᠢᠯᠠᠯ ᠤᠨ ᠰᠣᠶᠣᠯ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃ ᠪᠣᠯᠪᠠᠰᠤᠷᠠᠭᠤᠯᠤᠯ ᠢᠶᠠᠷ ᠳᠡᠮᠵᠢᠨ᠂ ᠵᠠᠯᠠᠭᠤ ᠺᠠᠳ᠋ᠷᠴᠤᠳ ᠤᠨ ᠣᠨᠣᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠰᠡᠳᠬᠢᠮᠵᠢ ᠶᠢ ᠥᠷᠭᠡᠳᠬᠡᠨ᠂ ᠵᠠᠯᠠᠭᠤ ᠺᠠᠳ᠋ᠷᠴᠤᠳ ᠤᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号