878 ᠲᠥᠭᠦᠷᠢᠭ ᠳᠡᠭᠡᠭᠰᠢᠯᠡᠭᠦᠯᠪᠡ︕ | | ᠲᠥᠪ ᠤᠨ ᠲᠥᠷᠥ ᠶᠢᠨ ᠪᠠᠶᠢᠭᠤᠯᠭ᠎ᠠ ᠶᠢᠨ | ᠣᠷᠣᠨ ᠰᠠᠭᠤᠴᠠ ᠶᠢᠨ ᠪᠠᠯᠠ ᠮᠦᠩᠭᠦᠨ ᠤ | ᠬᠠᠮᠢᠶᠠᠷᠤᠯᠲᠠ ᠲᠥᠪ 2022 ᠣᠨ ᠤ ᠣᠷᠣᠨ | ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤᠲᠤᠰ | ᠣᠨ ᠤ ᠰᠠᠷ᠎ᠠ ᠶᠢᠨ ᠲᠤᠰᠢᠶᠠᠵᠤ | ᠬᠠᠳᠠᠭᠠᠯᠠᠭᠤᠯᠬᠤ ᠲᠤᠭ᠎ᠠ ᠳᠤ | ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ | ᠬᠢᠬᠦ ᠲᠤᠬᠠᠶ ᠮᠡᠳᠡᠭᠳᠡᠯ ᠨᠡᠶᠢᠲᠡᠯᠡᠵᠦ᠂ | ᠲᠥᠪ ᠤᠨ ᠲᠥᠷᠥ ᠶᠢᠨ ᠪᠠᠶᠢᠭᠤᠯᠭ᠎ᠠ ᠶᠢᠨ 2022 | ᠣᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤ ᠲᠤᠰ | ᠣᠨ ᠤ ᠰᠠᠷ᠎ᠠ ᠶᠢᠨ ᠲᠤᠰᠢᠶᠠᠵᠤ | ᠬᠠᠳᠠᠭᠠᠯᠠᠭᠤᠯᠬᠤ ᠲᠤᠭ᠎ᠠ ᠳᠤ | ᠲᠣᠬᠢᠷᠠᠭᠤᠯᠤᠯᠲᠠ ᠬᠢᠪᠠ᠂ ᠰᠠᠷ᠎ᠠ ᠶᠢᠨ | ᠲᠤᠰᠢᠶᠠᠵᠤ ᠬᠠᠳᠠᠭᠠᠯᠠᠭᠤᠯᠬᠤ ᠲᠤᠭ᠎ᠠ ᠶᠢᠨ | ᠳᠡᠭᠡᠳᠦ ᠬᠢᠵᠠᠭᠠᠷ ᠨᠢ 7652 ᠲᠥᠭᠦᠷᠢᠭ | ᠪᠣᠯᠤᠨ᠎ᠠ᠃ ᠮᠡᠳᠡᠭᠳᠡᠯ ᠳᠤ | ᠲᠤᠲᠤᠷᠬᠠᠶᠢᠯᠠᠬᠰᠠᠨ ᠨᠢ᠂ 2022 ᠣᠨ ᠤ ᠣᠷᠣᠨ | ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤ | ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ | ᠰᠠᠭᠤᠷᠢ ᠲᠣᠭᠠᠨ ᠤ ᠳᠡᠭᠡᠳᠦ ᠬᠢᠵᠠᠭᠠᠷ ᠨᠢ | 31884 ᠲᠥᠭᠦᠷᠢᠭ᠂ ᠰᠠᠷ᠎ᠠ ᠶᠢᠨ ᠲᠤᠰᠢᠶᠠᠨ | ᠬᠠᠳᠠᠭᠠᠯᠠᠭᠤᠯᠬᠤ ᠰᠠᠭᠤᠷᠢ ᠲᠣᠭᠠᠨ ᠤ | ᠳᠤᠤᠷᠠᠳᠤᠬᠢᠵᠠᠭᠠᠷ ᠨᠢ 2320 ᠲᠥᠭᠦᠷᠢᠭ | ᠪᠣᠯᠤᠨ᠎ᠠ᠃ 2022 ᠣᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦᠨ ᠤ ᠲᠤᠰ ᠣᠨ ᠤ ᠲᠤᠰᠢᠶᠠᠨ | ᠬᠠᠳᠠᠭᠠᠯᠠᠭᠤᠯᠬᠤ ᠬᠠᠷᠢᠴᠠᠯ ᠨᠢ ᠮᠥᠨ 5 % | 12 %᠃ 2022 ᠣᠨ ᠤ 12ᠰᠠᠷ᠎ᠠ ᠶᠢᠨ 31 ᠤ | ᠡᠳᠦᠷ ᠠᠴᠠ ᠡᠮᠦᠨ᠎ᠡ᠂ ᠠᠵᠤ ᠠᠬᠤᠶᠢᠯᠠᠯ ᠨᠢ | ᠬᠢᠵᠢᠭ ᠤᠨ ᠨᠥᠯᠥᠭᠡ ᠪᠣᠯᠵᠣ | ᠬᠦᠴᠢᠷᠳᠡᠯ ᠲᠠᠢ ᠪᠠᠶᠢᠪᠠᠯ᠂ ᠲᠥᠪ ᠤᠨ | ᠲᠥᠷᠥ ᠶᠢᠨ ᠪᠠᠶᠢᠭᠤᠯᠭ᠎ᠠ ᠶᠢᠨ ᠣᠷᠣᠨ | ᠰᠠᠭᠤᠴᠠ ᠶᠢᠨ ᠪᠠᠯᠠ ᠮᠦᠩᠭᠦᠨ ᠤ | ᠬᠠᠮᠢᠶᠠᠷᠤᠯᠲᠠ ᠶᠢᠨ ᠲᠥᠪ ᠲᠤ ᠭᠤᠶᠤᠴᠢᠯᠠᠯ | ᠭᠠᠷᠭᠠᠵᠤ ᠪᠣᠯᠤᠨ᠎ᠠ᠂ ᠢᠩᠭᠢᠪᠡᠯ ᠣᠷᠣᠨ | ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠢᠨ ᠮᠥᠩᠭᠦ ᠶᠢ | ᠬᠤᠶᠢᠰᠢᠯᠠᠭᠤᠯᠤᠨ ᠲᠤᠰᠢᠶᠠᠵᠤ ᠪᠣᠯᠤᠨ᠎ᠠ᠃ | ᠨᠢᠭᠡᠨᠲᠡ ᠬᠤᠶᠢᠰᠢᠯᠠᠭᠤᠯᠤᠨ | ᠲᠤᠰᠢᠶᠠᠬᠤ ᠪᠠᠷ ᠭᠤᠶᠤᠴᠢᠯᠠᠭᠰᠠᠨ | ᠨᠢᠭᠡᠴᠡ ᠨᠦᠭᠦᠳ 2022ᠣᠨ ᠤ | ᠣᠷᠣᠨᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤ ᠲᠤᠰ | ᠣᠨ ᠤ ᠰᠠᠷ᠎ᠠ ᠶᠢᠨ ᠲᠤᠰᠢᠶᠠᠨ | ᠬᠠᠳᠠᠭᠠᠯᠠᠭᠤᠯᠬᠤ ᠲᠤᠭ᠎ᠠ ᠳᠤ | ᠲᠣᠬᠢᠷᠠᠭᠤᠯᠤᠯᠲᠠ ᠬᠢᠬᠦ ᠶᠢ ᠬᠡᠪ | ᠶᠣᠰᠣᠭᠠᠷ ᠦᠷᠨᠢᠭᠦᠯᠦᠨ᠎ᠡ᠂ ᠨᠥᠬᠦᠵᠦ | ᠲᠤᠰᠢᠶᠠᠬᠤ ᠲᠤᠬᠠᠶᠢᠯᠠᠭᠰᠠᠨ ᠠᠵᠢᠯ ᠢ | ᠭᠦᠢᠴᠡᠳᠭᠡᠬᠦ ᠴᠢᠬᠤᠯᠠ ᠥᠬᠡᠶ᠃ ᠳᠡᠭᠡᠷ᠎ᠡ | ᠳᠤᠷᠠᠳᠤᠭᠰᠠᠨ ᠪᠠᠶᠢᠳᠠᠯ ᠭᠠᠳᠠᠨ᠎ᠠ᠂ | ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ | ᠲᠤᠰᠢᠶᠠᠨ ᠬᠠᠳᠠᠭᠠᠯᠠᠬᠤ ᠳᠤ ᠦᠨᠡᠨᠬᠦ | ᠬᠦᠴᠢᠷᠳᠡᠯᠲᠡᠶ ᠨᠢᠭᠡᠴᠡ ᠨᠢ ᠲᠣᠭᠲᠠᠭᠠᠯ | ᠶᠣᠰᠣᠭᠠᠷ ᠲᠤᠰᠢᠶᠠᠨ ᠬᠠᠳᠠᠭᠠᠯᠠᠭᠤᠯᠬᠤ | ᠬᠠᠷᠢᠴᠠᠯ ᠢᠶᠠᠨ ᠬᠤᠶᠢᠰᠢᠯᠠᠭᠤᠯᠬᠤ ᠪᠤᠶᠤ | ᠪᠠᠭᠤᠷᠠᠭᠤᠯᠬᠤ ᠪᠠᠷ ᠭᠤᠶᠤᠴᠢᠯᠠᠵᠤ | ᠪᠣᠯᠤᠨ᠎ᠠ᠃ ᠵᠥᠪᠰᠢᠶᠡᠷᠡᠭᠦᠯᠦᠭᠰᠡᠨ ᠤ | ᠳᠠᠷᠠᠭ᠎ᠠ᠂ᠨᠢᠭᠡᠴᠡ ᠠᠴᠠ ᠬᠤᠶᠢᠰᠢᠯᠠᠭᠤᠯᠤᠨ | ᠲᠤᠰᠢᠶᠠᠬᠤ ᠪᠤᠶᠤ ᠬᠠᠷᠢᠴᠠᠯ ᠢ ᠨᠢ | ᠪᠠᠭᠤᠷᠠᠭᠤᠯᠤᠨ ᠲᠤᠰᠢᠶᠠᠨ | ᠬᠠᠳᠠᠭᠠᠯᠠᠭᠤᠯᠬᠤ ᠭᠠᠷᠳᠠᠮ ᠭᠦᠢᠴᠡᠳᠭᠡᠵᠦ | ᠪᠣᠯᠤᠨ᠎ᠠ᠃ ᠪᠣᠳᠠᠲᠠᠶ ᠰᠠᠷ᠎ᠠ ᠪᠦᠷᠢ᠂ | ᠨᠢᠭᠡᠴᠡ ᠪᠠ ᠬᠤᠪᠢ ᠬᠥᠮᠦᠨ ᠤ ᠣᠷᠣᠨ | ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤ | ᠲᠤᠰᠢᠶᠠᠵᠤ ᠬᠠᠳᠠᠭᠠᠯᠠᠭᠤᠯᠬᠤ ᠬᠠᠷᠢᠴᠠᠯ ᠢ | 12% ᠪᠤᠳᠤᠵᠤ᠂ 2022 ᠣᠨ ᠤ ᠣᠷᠣᠨ | ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤ | ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ | ᠲᠤᠭ᠎ᠠ ᠶᠢᠨ ᠳᠡᠭᠡᠳᠦ ᠬᠢᠵᠠᠭᠠᠷ ᠢ 2021 | ᠣᠨ ᠤ ᠬᠢ ᠠᠴᠠ 878ᠲᠥᠭᠦᠷᠢᠭ | ᠳᠡᠭᠡᠭᠰᠢᠯᠡᠭᠦᠯᠵᠦ᠂ 7652 ᠲᠥᠭᠦᠷᠢᠭ ᠪᠣᠯᠭᠠᠨ | ᠲᠣᠬᠢᠷᠠᠭᠤᠯᠵᠤ᠂ ᠠᠵᠢᠯᠲᠠᠨ ᠠᠵᠢᠯᠴᠢᠨ ᠪᠠ | ᠨᠢᠭᠡᠴᠡ ᠶᠢᠨ ᠰᠠᠷ᠎ᠠ ᠶᠢᠨ ᠲᠤᠰᠢᠶᠠᠵᠤ | ᠬᠠᠳᠠᠭᠠᠯᠠᠭᠤᠯᠬᠤ ᠲᠤᠭ᠎ᠠ ᠶᠢᠨ ᠳᠡᠭᠡᠳᠦ | ᠬᠢᠵᠠᠭᠠᠷ ᠢ ᠴᠥᠮ 3826ᠲᠥᠭᠦᠷᠢᠭ ᠪᠣᠯᠭᠠᠪᠠ᠃ | 2021ᠣᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦᠨ ᠤ ᠰᠠᠷ᠎ᠠ ᠶᠢᠨ ᠲᠤᠰᠢᠶᠠᠨ | ᠬᠠᠳᠠᠭᠠᠯᠠᠭᠤᠯᠬᠤ ᠲᠣᠭᠠᠨ ᠤ ᠳᠡᠭᠡᠳᠦ | ᠬᠢᠵᠠᠭᠠᠷ ᠨᠢ 6774 ᠲᠥᠭᠦᠷᠢᠭ ᠪᠣᠯᠤᠨ᠎ᠠ᠃ | ᠲᠥᠪ ᠤᠨ ᠲᠥᠷᠥ ᠶᠢᠨ ᠪᠠᠶᠢᠭᠤᠯᠭ᠎ᠠ ᠶᠢᠨ | ᠣᠷᠣᠨ ᠰᠠᠭᠤᠴᠠ ᠶᠢᠨ ᠪᠠᠯᠠ ᠮᠦᠩᠭᠦᠨ ᠤ | ᠬᠠᠮᠢᠶᠠᠷᠤᠯᠲᠠ ᠶᠢᠨ ᠲᠥᠪ ᠠᠴᠠ | ᠢᠯᠡᠷᠬᠡᠶᠢᠯᠡᠭᠰᠡᠨ ᠨᠢ᠂ ᠡᠯ᠎ᠡ ᠨᠢᠭᠡᠴᠡ | ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤ | ᠲᠤᠬᠠᠶᠢᠯᠠᠭᠰᠠᠨ ᠠᠵᠢᠯ ᠤᠨ ᠮᠡᠳᠡᠭᠡ | ᠵᠠᠩᠭᠢ ᠶᠢᠨ ᠰᠢᠰᠲ᠋ᠧᠮ ᠤᠨ ᠲᠠᠪᠴᠠᠩ ᠢᠶᠠᠷ | ᠳᠠᠮᠵᠢᠭᠤᠯᠤᠨ ᠰᠠᠷ᠎ᠠ ᠶᠢᠨ ᠲᠤᠰᠢᠶᠠᠨ | ᠬᠠᠳᠠᠭᠠᠯᠠᠭᠤᠯᠬᠤ ᠲᠣᠭᠠᠨ ᠤ ᠣᠨ ᠤ | ᠲᠣᠬᠢᠷᠠᠭᠤᠯᠤᠯᠲᠠ ᠶᠢ ᠭᠦᠢᠴᠡᠳᠭᠡᠵᠦ | ᠪᠣᠯᠤᠨ᠎ᠠ᠂ ᠵᠠᠪᠠᠯ ᠲᠤᠬᠠᠶᠢᠯᠠᠭᠰᠠᠨ | ᠠᠵᠢᠯ ᠤᠨ ᠭᠠᠷᠳᠠᠮ ᠭᠦᠢᠴᠡᠳᠭᠡᠬᠦ ᠲᠤᠤᠷ | ᠴᠡᠭ ᠲᠤ ᠬᠦᠷᠴᠦ ᠭᠦᠢᠴᠡᠳᠭᠡᠬᠦ | ᠴᠢᠬᠤᠯᠠᠲᠠᠶ ᠪᠣᠯ ᠤᠷᠢᠳᠴᠢᠯᠠᠨ ᠪᠣᠯᠵᠣᠵᠤ᠂ | ᠣᠷᠭᠢᠯ ᠤᠨ ᠬᠤᠭᠤᠴᠠᠭ᠎ᠠ ᠶᠢ ᠵᠥᠷᠢᠭᠦᠯᠦᠨ | ᠭᠦᠢᠴᠡᠳᠭᠡᠵᠦ ᠪᠣᠯᠤᠨ᠎ᠠ᠃ ᠣᠷᠣᠨ ᠰᠠᠭᠤᠴᠠ | ᠵᠢᠨᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦᠨ ᠤ | ᠣᠨ ᠢᠶᠠᠷ ᠲᠤᠰᠢᠶᠠᠨ ᠬᠠᠳᠠᠭᠠᠯᠠᠬᠤ ᠦᠶᠡᠯᠡᠯ | ᠬᠤᠭᠤᠴᠠᠭ᠎ᠠ ᠪᠣᠯᠭᠠᠭᠰᠠᠨ ᠨᠢᠭᠡᠴᠡ ᠨᠢ 6 | ᠳ᠋ᠤᠭᠠᠷ ᠰᠠᠷ᠎ᠠ ᠶᠢᠨ ᠬᠡᠪ ᠤᠨ | ᠬᠤᠷᠢᠶᠠᠩᠭᠤᠶᠢᠯᠠᠨ ᠲᠤᠰᠢᠶᠠᠬᠤ ᠶᠢ | ᠪᠡᠶᠡᠯᠡᠭᠦᠯᠦᠭᠰᠡᠨ ᠤ ᠳᠠᠷᠠᠭ᠎ᠠ᠂ | ᠰᠠᠷ᠎ᠠ ᠶᠢᠨ ᠲᠤᠰᠢᠶᠠᠨ ᠬᠠᠳᠠᠭᠠᠯᠠᠭᠤᠯᠬᠤ | ᠲᠣᠭᠠᠨ ᠤ ᠣᠨ ᠤ ᠲᠣᠬᠢᠷᠠᠭᠤᠯᠤᠯᠲᠠ ᠶᠢᠨ | ᠠᠵᠢᠯ ᠢ ᠥᠷᠨᠢᠭᠦᠯᠬᠦ ᠶᠢᠨ ᠬᠠᠮᠲᠤ᠂ 8 | ᠳ᠋ᠤᠭᠠᠷ ᠰᠠᠷ᠎ᠠ ᠶᠢᠨ 31 ᠤ ᠡᠳᠦᠷ ᠠᠴᠠ | ᠡᠮᠦᠨ᠎ᠡ ᠪᠡᠶᠡᠯᠡᠭᠦᠯᠬᠦ ᠬᠡᠷᠡᠭᠲᠡᠶ᠃ | | | |