| ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠪᠠᠶᠢᠴᠠᠭᠠᠨ | ᠰᠤᠳᠤᠯᠬᠤ ᠳᠤᠭᠤᠶᠢᠯᠠᠩ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠭᠦᠨᠵᠡᠭᠡᠶᠢᠷᠡᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠳᠦᠷᠢᠮ ᠤᠨ ᠠᠵᠢᠯ ᠤᠨ ᠳᠤᠬᠠᠢ ᠰᠡᠳᠦᠪᠳᠦ ᠪᠠᠶᠢᠴᠠᠭᠠᠨ | ᠰᠤᠳᠤᠯᠤᠯᠲᠠ ᠬᠢᠪᠡ | 11 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠾᠥᠸᠧ ᠶᠢᠨ ᠪᠢᠩ ᠨᠠᠷ ᠮᠠᠨ ᠤ ᠬᠤᠰᠢᠭᠤᠨ ᠳᠤ | ᠭᠦᠨᠵᠡᠭᠡᠶᠢᠷᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠳᠦᠷᠢᠮ ᠤᠨ ᠠᠵᠢᠯ | ᠤᠨ ᠳᠤᠬᠠᠢ ᠰᠡᠳᠦᠪᠳᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠷᠳᠡᠨᠢᠪᠠᠭᠠᠲᠤᠷ᠂ ᠬᠤᠰᠢᠭᠤᠨ ᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠰᠠᠭᠠᠯᠢᠴᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | 7 ᠤ ᠡᠳᠦᠷ ᠤᠨ ᠦᠳᠡ ᠶᠢᠨ ᠬᠤᠶᠢᠨ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 2022 ᠣᠨ ᠳᠤ | ᠬᠡᠷᠡᠭᠵᠢᠭᠦᠯᠦᠭᠰᠡᠨ ᠬᠤᠰᠢᠭᠤ ᠲᠠᠰ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠠᠬᠠᠷ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠬᠦ | ᠲᠥᠷᠥᠯ ᠵᠦᠢᠯ᠂ 2020 ᠣᠨ ᠳᠤ ᠬᠡᠷᠡᠭᠵᠢᠭᠦᠯᠦᠭᠰᠡᠨ ᠪᠠᠯᠭᠠᠰᠤᠨ ᠲᠠᠰ ᠤᠨ ᠲᠥᠷᠥᠯ ᠵᠦᠢᠯ ᠤᠨ ᠮᠢᠩᠭᠠᠨᠲᠤ | ᠪᠠᠯᠭᠠᠰᠤᠨ ᠤ ᠪᠧᠢ ᠱᠠᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠤᠬᠠᠢ ᠶᠢᠨ ᠲᠠᠯᠠᠪᠠᠶ ᠳᠤ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠡᠯ᠎ᠡ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠬᠤ ᠪᠠᠷ ᠳᠡᠮᠵᠢᠨ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠤᠨ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | 8 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠷᠳᠡᠨᠢᠪᠠᠭᠠᠲᠤᠷ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ ᠤ ᠬᠢᠭᠰᠡᠨ 2019 ᠣᠨ ᠠᠴᠠ ᠨᠠᠭᠠᠰᠢ | ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠭᠠᠯᠢᠴᠢᠨ ᠤ ᠬᠢᠭᠰᠡᠨ | 2019 ᠣᠨ ᠠᠴᠠ ᠨᠠᠭᠠᠰᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ | ᠲᠥᠯᠥᠭᠡᠯᠡᠭᠴᠢ ᠶᠢᠨ ᠪᠢᠯᠧᠲ ᠢᠶᠠᠷ ᠰᠢᠢᠳᠪᠦᠷᠢ ᠭᠠᠷᠭᠠᠬᠤ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠷᠠᠯ ᠳᠤ ᠣᠷᠣᠯᠴᠠᠭᠰᠠᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠦᠢᠯᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠰᠢᠢᠳᠪᠦᠷᠢ | ᠭᠠᠷᠭᠠᠬᠤ ᠳᠦᠷᠢᠮ ᠤᠨ ᠠᠵᠢᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠣᠷᠣᠰᠢᠵᠤ | ᠪᠠᠶᠢᠭ᠎ᠠ ᠬᠦᠴᠢᠷᠳᠡᠯ ᠲᠠᠢ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠳᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠪᠢᠯᠧᠲ ᠢᠶᠠᠷ ᠰᠢᠢᠳᠪᠦᠷᠢ ᠭᠠᠷᠭᠠᠬᠤ ᠳᠦᠷᠢᠮ ᠢ ᠬᠡᠷᠡᠭᠵᠢᠭᠦᠯᠬᠦ ᠠᠵᠢᠯ ᠤᠨ ᠳᠤᠮᠳᠠ ᠬᠢᠭᠰᠡᠨ ᠰᠦᠪᠡᠭᠴᠢᠯᠡᠯᠲᠡ ᠪᠠ | ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠡᠭᠦᠨ ᠤ ᠬᠠᠮᠲᠤ᠂ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ | ᠰᠢᠢᠳᠪᠦᠷᠢ ᠭᠠᠷᠭᠠᠬᠤ ᠳᠦᠷᠢᠮ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠦᠵᠡᠯ | ᠰᠠᠨᠠᠭ᠎ᠠ ᠪᠠ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠪᠠᠶᠢᠪᠠᠰᠤ ᠵᠣᠬᠢᠬᠤ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤᠮᠳᠠ ᠠᠮᠢᠳᠤᠯᠢᠭ ᠦᠢᠯᠡᠳᠦᠯᠬᠡᠵᠢᠬᠦᠯᠦᠨ᠂ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠵᠡᠷᠭᠡ ᠲᠠᠪᠴᠠᠩ ᠢᠶᠠᠷ ᠲᠠᠮᠵᠢᠨ | ᠪᠠᠶᠢᠩᠭᠤᠵᠢᠭᠤᠯᠤᠨ ᠰᠠᠨᠠᠯ ᠬᠤᠷᠢᠶᠠᠵᠤ᠂ ᠠᠷᠠᠳ ᠤᠨ ᠰᠠᠨᠠᠭ᠎ᠠ ᠶᠢ ᠬᠠᠮᠤᠭ ᠤᠨ ᠶᠡᠭᠡ ᠬᠡᠮᠵᠢᠶ᠎ᠡ ᠥᠷᠭᠡᠨ ᠢᠶᠠᠷ | ᠬᠤᠷᠢᠶᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ᠂ | ᠨᠡᠶᠢᠭᠡᠮ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠯᠢᠨ ᠰᠣᠩᠭᠤᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠭᠦᠢᠴᠡᠳ | ᠪᠠᠳᠠᠷᠠᠭᠤᠯᠵᠤ᠂ ᠡᠯ᠎ᠡ ᠵᠦᠢᠯ ᠤᠨ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠪᠦᠬᠦ | ᠶᠠᠪᠤᠴᠠ ᠶᠢᠨ ᠬᠢᠨᠠᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠬᠢᠨᠠᠯᠲᠠ ᠶᠢ ᠳᠡᠰ ᠳᠠᠷᠠᠭᠠᠵᠢᠭᠤᠯᠬᠤ ᠶᠢ | ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ | ᠪᠣᠯᠣᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃ | | | | | | |