ᠰᠢᠯᠭᠠᠯᠲᠠ ᠪᠠᠷ ᠪᠠᠷᠢᠮᠵᠢᠶ᠎ᠠ ᠦᠭᠡ ᠶᠢ ᠲᠦᠭᠡᠮᠡᠯᠵᠢᠭᠦᠯᠦᠨ᠎ᠡ ᠰᠢᠯᠤᠭᠤᠨ ᠬᠥᠪᠡᠭᠡᠲᠦ ᠴᠠᠭᠠᠨ ᠬᠤᠰᠢᠭᠤ ᠪᠠᠷᠢᠮᠵᠢᠶ᠎ᠠ | ᠬᠡᠯᠡᠨ ᠤ ᠰᠢᠯᠭᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ ᠶᠢᠨ | ᠲᠥᠯᠥᠭᠡ᠂ ᠠᠶᠢᠮᠠᠭ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠤᠨ ᠠᠯᠪᠠᠨ ᠭᠡᠷ ᠤᠨ | ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ ᠬᠤᠰᠢᠭᠤᠨ ᠬᠡᠯᠡ ᠪᠢᠴᠢᠭ ᠤᠨ | ᠵᠥᠪᠯᠡᠯ ᠤᠨ ᠠᠯᠪᠠᠨ ᠭᠡᠷ ᠪᠥᠬᠦ ᠬᠤᠰᠢᠭᠤᠨ ᠤ ᠬᠡᠪᠴᠢᠶᠡᠨ ᠳᠤ ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ | ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠤ | ᠰᠢᠯᠭᠠᠯᠲᠠ ᠶᠢᠨ ᠠᠵᠢᠯ ᠢ ᠥᠷᠨᠢᠭᠦᠯᠪᠡ᠃ | | ᠲᠣᠰ ᠤᠳᠠᠭᠠᠨ ᠤ ᠰᠢᠯᠭᠠᠯᠲᠠ ᠳᠤ ᠲᠠᠩ ᠦᠶᠡᠲᠦ ᠦᠬᠡᠰ ᠤᠩᠰᠢᠬᠤ᠂ ᠬᠤᠣᠰ ᠦᠶᠡᠲᠦ ᠦᠬᠡᠰ ᠤᠩᠰᠢᠬᠤ᠂ | ᠣᠬᠤᠷ ᠵᠣᠬᠢᠶᠠᠯ ᠤᠩᠰᠢᠬᠤ ᠪᠠ ᠰᠡᠳᠦᠪ ᠤᠨ ᠣᠷᠴᠢᠨ ᠲᠤ ᠶᠠᠷᠢᠬᠤ ᠵᠡᠷᠭᠡ ᠳᠥᠷᠪᠡᠨ ᠵᠦᠢᠯ ᠤᠨ ᠠᠭᠤᠯᠭ᠎ᠠ ᠶᠢ | ᠪᠠᠭᠲᠠᠭᠠᠵᠤ᠂ ᠰᠢᠯᠭᠠᠯᠲᠠ ᠶᠢᠨ ᠠᠵᠢᠯ ᠢ ᠲᠦᠷᠦᠭᠦᠬᠡᠨ ᠳᠤ ᠪᠦᠬᠦᠨ ᠢ ᠳᠠᠭᠤᠰᠬᠠᠵᠤ᠂ ᠪᠥᠬᠦ ᠬᠤᠰᠢᠭᠤᠨ ᠤ 349 | ᠬᠥᠮᠥᠨ ᠰᠢᠯᠭᠠᠯᠲᠠ ᠳᠤ ᠣᠷᠣᠯᠴᠠᠵᠠᠢ᠃ | ᠲᠣᠰ ᠤᠳᠠᠭᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠪᠠᠷ ᠳᠡᠮᠵᠢᠨ᠂ ᠪᠥᠬᠦ ᠬᠤᠰᠢᠭᠤᠨ ᠤ ᠡᠯ᠎ᠡ | ᠠᠵᠢᠯ ᠲᠥᠷᠥᠯ ᠤᠨ ᠬᠥᠮᠥᠰ ᠤᠨ ᠨᠡᠶᠢᠲᠡᠯᠢᠭ ᠬᠡᠯᠡ ᠶᠢ ᠰᠤᠷᠤᠯᠴᠠᠬᠤ᠂ ᠳᠡᠯᠭᠡᠷᠡᠭᠦᠯᠬᠦ᠂ ᠬᠡᠷᠡᠭᠯᠡᠬᠦ ᠢᠳᠡᠪᠬᠢᠵᠢᠯ ᠪᠠ | ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠠᠶᠢᠴᠢᠯᠠᠵᠤ᠂ ᠪᠥᠬᠦ ᠬᠤᠰᠢᠭᠤᠨ ᠤ ᠦᠭᠡ ᠬᠡᠯᠡ ᠥᠰᠥᠭ | ᠪᠢᠴᠢᠭ ᠤᠨ ᠳᠦᠷᠢᠮᠵᠢᠭᠦᠯᠦᠯᠲᠡ ᠶᠢᠨ ᠠᠵᠢᠯ ᠤᠨ ᠬᠢᠷᠢ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ | ᠬᠦᠴᠦᠲᠡᠢ ᠠᠬᠢᠭᠤᠯᠪᠠ { | |