ᠪᠤᠯᠠᠭᠠᠨᠳᠤᠬᠤᠢ ᠰᠤᠮᠤ‌ᠦᠢᠯᠡᠴᠢᠯᠡᠭᠡ  ᠶᠢ ︽ᠢᠯᠡᠭᠦᠦ ᠭᠦᠶᠦᠯᠭᠡᠵᠦ︾ ᠣᠯᠠᠨ ᠲᠦᠮᠡᠨ ᠢ ︽ᠳᠤᠲᠠᠭᠤ  ᠬᠦᠶᠦᠯᠬᠡᠶ᠎ᠡ︾
ᠨᠡᠶᠢᠲᠡᠯᠡᠭᠰᠡᠨ ᠴᠠᠭ᠄
2023/12/26

 ᠦᠢᠯᠡᠴᠢᠯᠡᠭᠡ  ᠶᠢ ︽ᠢᠯᠡᠭᠦᠦ ᠭᠦᠶᠦᠯᠭᠡᠵᠦ︾ ᠣᠯᠠᠨ ᠲᠦᠮᠡᠨ ᠢ ︽ᠳᠤᠲᠠᠭᠤ  ᠬᠦᠶᠦᠯᠬᠡᠶ᠎ᠡ︾

     

ᠪᠤᠯᠠᠭᠠᠨᠳᠤᠬᠤᠢ ᠰᠤᠮᠤ ᠶᠢᠨ ᠬᠠᠷᠢᠶ᠎ᠠ ᠣᠷᠣᠨ ᠳᠠᠬᠢ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ

ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ

ᠠᠵᠢᠯ ᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠨᠢᠯ ᠢ ᠠᠷᠢᠯᠭᠠᠬᠤ᠂ ᠲᠣᠭᠲᠠᠭᠤᠨ

ᠪᠠᠶᠢᠳᠠᠯ ᠢ ᠪᠠᠲᠤᠯᠠᠬᠤ᠂ ᠡᠶ᠎ᠡ ᠵᠣᠬᠢᠴᠠᠯ ᠢ ᠠᠬᠢᠭᠤᠯᠬᠤ ᠴᠢᠬᠤᠯᠠ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂

ᠣᠶᠢᠷ᠎ᠠ ᠳᠤ᠂ ᠪᠤᠯᠠᠭᠠᠨᠳᠤᠬᠤᠢ ᠰᠤᠮᠤ ᠶᠢᠨ ᠬᠢᠨ ᠠᠵᠢᠯᠲᠠᠳ ᠢᠶᠠᠨ ᠵᠣᠬᠢᠶᠠᠨ ᠪᠠᠶᠢᠭᠤᠯᠵᠤ ᠡᠯ᠎ᠡ ᠭᠠᠴᠠᠭ᠎ᠠ ︵

ᠲᠠᠯᠠᠪᠠᠶ︶ ᠳᠤ ᠭᠦᠨᠵᠡᠭᠡᠶᠢᠷᠡᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ

ᠠᠵᠢᠯᠯᠠᠭ᠎ᠠ ᠥᠷᠨᠢᠭᠦᠯᠪᠡ᠃

     ᠰᠤᠮᠤᠨ ᠤ ᠠᠵᠢᠯᠲᠠᠳ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠᠷ ᠳᠠᠮᠵᠢᠭᠤᠯᠤᠨ᠂ ᠨᠠᠭᠠᠲᠤ ᠵᠠᠬ᠎ᠠ ᠶᠢᠨ

ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ

ᠲᠤᠰᠠᠯᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠭᠤᠣᠯᠳᠠᠯᠭ᠎ᠠ ᠪᠣᠯᠭᠠᠵᠤ᠂ ︽ᠶᠠᠮᠠᠷ ᠬᠥᠮᠥᠨ

ᠠᠪᠤᠷᠠᠨ ᠲᠤᠰᠠᠯᠠᠯᠲᠠ ᠭᠥᠷᠳᠡᠵᠦ ᠪᠣᠯᠬᠤ︾ ︽ᠬᠢᠨᠠᠨ ᠵᠥᠪᠰᠢᠶᠡᠷᠡᠵᠦ ᠠᠪᠤᠷᠠᠨ ᠲᠤᠰᠠᠯᠠᠬᠤ ᠶᠢ ᠬᠡᠷᠬᠢᠨ

ᠭᠤᠶᠤᠴᠢᠯᠠᠬᠤ︾ ᠪᠠᠷ ᠭᠤᠣᠯᠳᠠᠯᠭ᠎ᠠ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ᠂ ᠨᠥᠬᠦᠴᠡᠯ᠂

ᠭᠤᠶᠤᠴᠢᠯᠠᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠪᠠ ᠠᠭᠤᠯᠭ᠎ᠠ ᠶᠢ ᠨᠠᠷᠢᠨ ᠨᠢᠭᠲᠠ ᠲᠠᠨᠢᠯᠴᠠᠭᠤᠯᠪᠠ᠃ 

ᠡᠨᠡ ᠤᠳᠠᠭᠠᠨ ᠤ ᠰᠣᠷᠪᠤᠯᠵᠢᠯᠠᠭ᠎ᠠ ᠨᠢ ᠤᠯᠠᠨ ᠲᠦᠮᠡᠨ ᠲᠠᠢ ᠨᠢᠭᠤᠷᠲᠠᠨ ᠠᠷᠠᠳ ᠲᠤ ᠠᠰᠢᠭ ᠬᠦᠷᠲᠡᠭᠡᠬᠦ

ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠠᠷᠠᠳ ᠲᠤ ᠠᠰᠢᠭ

ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠲᠷ︾  ᠢ ᠪᠦᠲᠦᠮᠵᠢᠲᠡᠢ

ᠨᠡᠪᠲᠡᠷᠡᠭᠦᠯᠵᠡᠢ᠃ ᠡᠷᠦᠬᠡ ᠳᠤ ᠬᠦᠷᠴᠦ ᠤᠬᠠᠭᠤᠯᠬᠤ ᠪᠠᠷ ᠳᠠᠮᠵᠢᠭᠤᠯᠤᠨ᠂ ︽ᠲᠥᠷᠥ ᠶᠢᠨ ᠪᠣᠳᠣᠯᠭ᠎ᠠ ᠶᠢ ᠡᠭᠦᠳᠡᠨ

 ᠳᠤᠨᠢ ᠬᠦᠷᠭᠡᠵᠦ︾᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨ ᠬᠦ ᠪᠠᠲᠤᠯᠠᠵᠤ ᠴᠢᠳᠠᠭᠰᠠᠨ ᠪᠥᠭᠡᠳ

ᠦᠨᠳᠦᠰᠦᠨ ᠱᠠᠲᠤᠨ ᠤ ᠺᠠᠳ᠋ᠷᠴᠤᠳ ᠤᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠴᠤ ᠳᠡᠭᠡᠭᠰᠢᠯᠡᠭᠦᠯᠦᠭᠰᠡᠨ

ᠪᠠᠶᠢᠨ᠎ᠠ᠃ 

 ᠲᠠᠷᠠᠭᠠᠴᠢ ᠶᠢᠨ ᠠᠯᠬᠤᠮ ᠳᠤ᠂ ᠪᠤᠯᠠᠭᠠᠨᠳᠤᠬᠤᠢ ᠰᠤᠮᠤ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ

ᠪᠠᠶᠢᠳᠠᠯ ᠢ ᠦᠷᠭᠦᠯᠵᠢᠯᠡᠨ ᠠᠩᠬᠠᠷᠴᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ

ᠠᠵᠢᠯ ᠢ ᠨᠠᠷᠢᠯᠢᠭ ᠪᠥᠭᠡᠳ ᠪᠣᠳᠠᠲᠠᠢ ᠪᠠᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶ᠎ᠡ ᠶᠢ ᠤᠯᠠᠮ ᠨᠢᠭᠡ

ᠠᠯᠬᠤᠮ ᠥᠷᠭᠡᠳᠬᠡᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠮᠠᠯᠴᠢᠨ

ᠲᠦᠮᠡᠨ ᠳᠤ ᠳᠠᠮᠵᠢᠭᠤᠯᠵᠤ᠂ ᠮᠠᠯᠴᠢᠨ ᠲᠦᠮᠡᠨ ᠳᠤ ᠨᠠᠩ ᠰᠠᠶᠢᠨ ᠬᠠᠪᠰᠤᠷᠤᠯᠭ᠎ᠠ ᠬᠠᠩᠭᠠᠵᠤ᠂ ᠠᠷᠠᠳ ᠤᠨ

ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠡᠷᠴᠢᠮ ᠲᠠᠢ ᠨᠠᠩ ᠬᠠᠯᠠᠭᠤᠨ ᠳᠤᠯᠠᠭᠠᠨ ᠲᠠᠢ ᠪᠣᠯᠭᠠᠵᠤ᠂

ᠬᠦᠴᠢᠷᠳᠡᠯᠲᠡᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ

ᠳᠡᠭᠡᠭᠰᠢᠯᠡᠭᠦᠯᠦᠨ᠎ᠡ᠃

111.jpg

 
ᠢᠷᠡᠯᠲᠡ᠄ ᠪᠤᠯᠭᠠᠨᠲᠤᠬᠤᠢ  ᠰᠤᠮᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号