ᠰᠢᠩ ᠶᠣᠣ ᠪᠠᠯᠭᠠᠰᠤ᠄ ᠲᠠᠷᠢᠶᠠᠯᠠᠬᠤ ᠣᠷᠣᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠣᠯᠠᠨ ᠲᠦᠮᠡᠨ ᠤ ᠪᠠᠶᠠᠵᠢᠬᠤ ᠵᠠᠮ ᠢ ᠥᠷᠭᠡᠳᠬᠡᠨ᠎ᠡ
ᠨᠡᠶᠢᠲᠡᠯᠡᠭᠰᠡᠨ ᠴᠠᠭ᠄
2023/12/26
ᠰᠢᠩ ᠶᠣᠣ ᠪᠠᠯᠭᠠᠰᠤ᠄ ᠲᠠᠷᠢᠶᠠᠯᠠᠬᠤ ᠣᠷᠣᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠣᠯᠠᠨ ᠲᠦᠮᠡᠨ ᠤ ᠪᠠᠶᠠᠵᠢᠬᠤ ᠵᠠᠮ ᠢ ᠥᠷᠭᠡᠳᠬᠡᠨ᠎ᠡ      ᠣᠶᠢᠷ᠎ᠠ ᠶᠢᠨ ᠵᠢᠯ ᠠᠴᠠ᠂ ᠰᠢᠩ ᠶᠣᠣ ᠪᠠᠯᠭᠠᠰᠤ ︽ᠲᠦᠷᠦ ᠶᠢᠨ ᠪᠣᠳᠣᠯᠭ᠎ᠠ ᠶᠢ ᠡᠷᠤᠭᠡ ᠳᠤ ᠨᠠᠶᠢᠳᠠᠪᠤᠷᠢᠵᠢᠭᠤᠯᠬᠤ᠂ ᠮᠡᠷᠭᠡᠵᠢᠯ ᠤᠨ ᠪᠣᠯᠪᠠᠰᠤᠷᠠᠯ ᠢ ᠡᠷᠤᠭᠡ ᠳᠤ ᠨᠠᠶᠢᠳᠠᠪᠤᠷᠢᠵᠢᠭᠤᠯᠬᠤ᠂ ᠦᠢᠯᠡᠴᠢᠯᠡᠯᠬᠡ ᠶᠢ ᠤᠨᠢᠨ ᠳᠡᠭᠡᠷ᠎ᠡ ᠨᠢ ᠬᠦᠷᠬᠡᠬᠦ︾ ᠪᠠᠷ ᠭᠠᠷᠳᠠᠴᠠ ᠪᠣᠯᠭᠠᠵᠤ᠂  ᠮᠢᠬᠠᠨ ᠤ ᠦᠬᠡᠷ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠲᠡᠭᠦᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠯᠭᠠᠭᠤᠷᠢᠯᠠᠬᠤ ᠳᠠᠪᠠᠭᠤᠯᠢᠭ ᠠᠵᠤ ᠦᠢᠯᠡᠰ᠂ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠯᠭᠠᠭᠤᠷᠢ ᠠᠵᠤ ᠦᠢᠯᠡᠰ ᠪᠣᠯᠭᠠᠵᠤ᠂ ︽ᠵᠢᠵᠢᠭ ᠬᠠᠮᠲᠤᠯᠢᠭ᠂ ᠶᠡᠭᠡ ᠬᠡᠪᠴᠢᠶ᠎ᠡ︾ ᠪᠦᠬᠦᠢ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃      ᠰᠢᠩ ᠶᠣᠣ ᠪᠠᠯᠭᠠᠰᠤ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠪᠠᠷ ᠭᠤᠣᠯᠳᠠᠭᠤᠯᠵᠤ᠂ 2023 ︱ 2025 ᠮᠢᠬᠠᠨ ᠤ ᠦᠬᠡᠷ ᠤᠨ ᠬᠥᠭᠵᠢᠯᠲᠡ ᠶᠢᠨ ᠲᠥᠯᠦᠪᠵᠢᠭᠦᠯᠭᠡ ᠲᠠᠢ ᠤᠶᠠᠯᠳᠤᠭᠤᠯᠵᠤ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠶᠢ ᠣᠳᠣᠬᠠᠨ ᠤ ᠭᠤᠣᠯ ᠠᠵᠤ ᠦᠢᠯᠡᠰ ᠢᠶᠠᠷ ᠲᠣᠭᠲᠠᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠣᠯᠣᠨ ᠲᠣᠰᠬᠤᠨ ᠤ ᠠᠷᠠᠳ ᠬᠠᠮᠲᠤᠪᠠᠷ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃ ᠮᠢᠬᠠᠨ ᠤ ᠦᠬᠡᠷ ᠲᠡᠵᠢᠭᠡᠨ ᠦᠷᠡᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠭᠦᠢᠴᠡᠳ ᠠᠰᠢᠭᠯᠠᠨ᠂ ᠡᠬᠢ ᠪᠠᠶᠠᠯᠢᠭ ᠤᠨ ᠳᠠᠪᠠᠭᠤᠯᠢᠭ ᠪᠠ ᠭᠠᠵᠠᠷ ᠵᠦᠢ ᠶᠢᠨ ᠣᠷᠴᠢᠨ ᠲᠣᠭᠤᠷᠢᠨ ᠳᠤ ᠲᠦᠰᠢᠭᠯᠡᠨ᠂ ᠡᠨᠡ ᠵᠢᠯ ᠠᠴᠠ ᠨᠠᠰᠢ᠂ ᠮᠢᠬᠠᠨ ᠤ ᠦᠬᠡᠷ ᠬᠠᠰᠢᠶᠠᠯᠠᠨ ᠲᠡᠵᠢᠭᠡᠵᠦ ᠦᠷᠡᠵᠢᠭᠦᠯᠬᠦ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ 1 ᠬᠤᠷᠰᠢᠶ᠎ᠠ᠂ 12 ᠭᠡᠷ ᠪᠦᠯᠢ ᠶᠢᠨ ᠮᠠᠯᠵᠢᠯ ᠤᠨ ᠲᠠᠯᠠᠪᠠᠶ᠂ 2 ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ ᠰᠢᠨ᠎ᠡ ᠪᠠᠷ ᠪᠠᠶᠢᠭᠤᠯᠪᠠ᠃ ᠣᠳᠣ ᠪᠣᠯᠲᠠᠯ᠎ᠠ 17400 ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ᠂ 10800 ᠲᠡᠭᠰᠢ ᠳᠥᠷᠪᠡᠯᠵᠢᠨ ᠮᠧᠲᠷ ᠤᠨ ᠡᠪᠡᠰᠦᠨ ᠰᠠᠷᠠᠪᠴᠢ᠂ 7550 ᠪᠣᠰᠤᠭ᠎ᠠ ᠳᠥᠷᠪᠡᠯᠵᠢᠨ ᠮᠧᠲᠷ ᠤᠨ ᠨᠣᠭᠤᠭᠠᠨ ᠵᠣᠭᠤᠷᠢ ᠶᠢ ᠪᠠᠶᠢᠭᠤᠯᠤᠭᠰᠠᠨ ᠪᠥᠭᠡᠳ ᠵᠣᠬᠢᠬᠤ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠪᠠᠶᠢᠨ᠎ᠠ᠃ ᠮᠢᠬᠠᠨ ᠤ ᠦᠬᠡᠷ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠦᠨ᠂ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠵᠤ ᠂ ᠰᠢᠨ ᠾᠧ ᠲᠣᠰᠬᠤᠨ᠂ ᠶᠦᠩ ᠾᠧ ᠲᠣᠰᠬᠤᠨ ᠤ 2  ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ  ᠴᠡᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠥᠬᠦ ᠪᠠᠯᠭᠠᠰᠤ ᠶᠢᠨ ᠵᠢᠯ ᠤᠨ ᠲᠥᠯᠥᠪᠯᠡᠭᠡ ᠪᠠᠷ ᠮᠢᠬᠠᠨ ᠤ ᠦᠬᠡᠷ ᠤᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ 1500 ᠲᠣᠯᠣᠭᠠᠢ ᠠᠴᠠ ᠳᠡᠭᠡᠭᠰᠢ ᠳᠠᠪᠠᠭᠤᠯᠤᠨ᠎ᠠ᠃     ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠮᠡᠷᠭᠡᠵᠢᠯ ᠳᠡᠯᠭᠡᠷᠡᠭᠦᠯᠬᠦ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠠᠨ ᠵᠢᠯᠣᠭᠤᠳᠤᠭᠴᠢ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠳᠤ ᠲᠦᠰᠢᠭᠯᠡᠨ᠂ ︽ᠪᠠᠯᠭᠠᠰᠤᠨ ᠳᠤ ᠲᠥᠪᠯᠡᠷᠡᠭᠦᠯᠬᠦ᠂ ᠭᠠᠴᠠᠭ᠎ᠠ ᠲᠣᠰᠬᠤᠨ ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠨᠡᠶᠢᠲᠡᠯᠢᠭ ᠵᠢᠱᠢᠶ᠎ᠡ ᠶᠢ ᠪᠤᠶ ᠪᠣᠯᠭᠠᠬᠤ᠂ ᠲᠤᠬᠠᠢ ᠶᠢᠨ ᠭᠠᠵᠠᠷ ᠲᠤᠨᠢ ᠵᠢᠯᠤᠭᠤᠳᠬᠤ︾ ᠠᠷᠭ᠎ᠠ  ᠶᠢ ᠠᠪᠴᠤ᠂ ᠭᠠᠴᠠᠭ᠎ᠠ ᠪᠠᠷ ᠨᠢᠭᠡᠴᠢ ᠪᠣᠯᠭᠠᠨ᠂ ᠰᠢᠯᠢᠳᠡᠭ ᠲᠡᠵᠢᠭᠡᠨ ᠦᠷᠡᠵᠢᠭᠦᠯᠬᠦ ᠡᠷᠦᠬᠡ ᠶᠢ ᠰᠣᠩᠭᠤᠵᠤ᠂ ᠲᠤᠬᠠᠢ ᠶᠢᠨ ᠭᠠᠵᠠᠷ ᠲᠤᠨᠢ ᠡᠷᠦᠬᠡ ᠳᠤ ᠬᠦᠷᠲᠡᠯ᠎ᠡ ᠪᠣᠯᠪᠠᠰᠤᠷᠠᠭᠤᠯᠬᠤ ᠠᠵᠢᠯ ᠥᠷᠨᠢᠭᠦᠯᠵᠦ᠂ ᠮᠢᠬᠠᠨ ᠤ ᠦᠬᠡᠷ ᠤᠨ ᠡᠯ᠎ᠡ ᠱᠠᠲᠤᠨ ᠤ ᠲᠡᠵᠢᠭᠡᠨ ᠠᠷᠠᠴᠢᠯᠠᠬᠤ ᠬᠠᠮᠢᠶᠠᠷᠤᠯᠲᠠ ᠵᠢᠴᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ᠂ ᠲᠡᠵᠢᠭᠡᠨ ᠦᠷᠡᠵᠢᠭᠦᠯᠬᠦ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠪᠠᠷ ᠪᠣᠯᠪᠠᠰᠤᠷᠠᠭᠤᠯᠤᠯ ᠥᠷᠨᠢᠭᠦᠯᠵᠦ᠂ ᠲᠡᠵᠢᠭᠡᠨ ᠦᠷᠡᠵᠢᠭᠦᠯᠬᠦ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠠᠵᠢᠯᠲᠠᠨ ᠵᠡᠷᠭᠡ ᠲᠠᠢ ᠨᠢᠭᠤᠷᠲᠠᠨ ᠲᠡᠵᠢᠭᠡᠨ ᠦᠷᠡᠵᠢᠭᠦᠯᠬᠦ ᠲᠤᠷᠰᠢᠯᠭ᠎ᠠ ᠮᠡᠷᠭᠡᠵᠢᠯ ᠢᠶᠠᠨ ᠰᠣᠯᠢᠯᠴᠠᠵᠤ᠂ 200 ᠭᠠᠷᠤᠢ ᠬᠥᠮᠥᠨ ᠤᠳᠠᠭ᠎ᠠ ᠪᠣᠯᠪᠠᠰᠤᠷᠠᠯ ᠭᠥᠷᠳᠡᠵᠦ᠂ ᠲᠠᠷᠢᠶᠠᠴᠢᠨ ᠡᠷᠦᠬᠡ ᠶᠢᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠤᠬᠠᠢ ᠲᠠᠨᠢᠨ ᠮᠡᠳᠡᠬᠦ ᠴᠢᠳᠠᠪᠤᠷᠢ ᠪᠠ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠡᠷᠡᠭᠯᠡᠭᠡᠨ ᠤ ᠮᠡᠷᠭᠡᠵᠢᠯ ᠢ ᠲᠠᠷᠢᠶᠠᠴᠢᠨ ᠡᠷᠦᠬᠡ ᠳᠤ ᠦᠨᠡᠨ ᠬᠦ ᠬᠦᠷᠭᠡᠵᠦ᠂ ᠬᠠᠰᠢᠶᠠᠨ ᠳᠤ ᠣᠷᠣᠭᠤᠯᠵᠤ᠂ ᠪᠥᠬᠦ ᠪᠠᠯᠭᠠᠰᠤᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃     ᠨᠠᠮ ᠤᠨ ᠭᠡᠰᠢᠭᠦᠨ ᠺᠠᠳ᠋ᠷ ᠪᠠ ᠲᠤᠰᠬᠠᠢ ᠮᠡᠷᠭᠡᠵᠢᠯ ᠤᠨ ᠠᠵᠢᠯᠲᠠᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠳᠠᠶᠢᠴᠢᠯᠠᠬᠤ ᠦᠢᠯᠡᠳᠦᠯ ᠢ ᠪᠣᠶ ᠪᠣᠯᠭᠠᠨ᠂ ᠮᠢᠬᠠᠨ ᠤ ᠦᠬᠡᠷ ᠤᠨ ᠠᠵᠤ ᠦᠢᠯᠡᠰ ᠤᠨ ᠵᠣᠬᠢᠶᠠᠨ ᠪᠠᠶᠢᠭᠤᠯᠤᠯᠴᠠᠬᠤ᠂ ᠲᠤᠰᠬᠠᠶᠢᠵᠢᠬᠤ᠂ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠳᠡᠭᠡᠭᠰᠢᠯᠡᠭᠦᠯᠵᠦ ᠂ ︽ᠵᠢᠵᠢᠭ ᠲᠠᠷᠢᠶᠠᠴᠢᠨ ᠡᠷᠦᠬᠡ︾  ᠪᠤᠯᠤᠨ ︽ᠲᠣᠮᠣ ᠵᠠᠬ᠎ᠠ ᠳᠡᠯᠭᠡᠭᠦᠷ︾ ᠤᠨ ᠪᠦᠲᠦᠮᠵᠢᠲᠡᠶ ᠵᠣᠯᠭᠠᠯᠴᠠᠭ᠎ᠠ ᠶᠢ ᠪᠣᠶ ᠪᠣᠯᠭᠠᠵᠤ᠂ ᠺᠠᠳ᠋ᠷᠴᠤᠳ ᠤᠨ ᠣᠯᠠᠨ ᠲᠦᠮᠡᠨ ᠳᠤ ᠦᠢᠯᠡᠴᠢᠯᠡᠬᠦ ᠶᠢ ᠦᠨᠡᠨ ᠬᠦ ᠵᠠᠢ ᠵᠠᠪᠰᠠᠷ ᠦᠭᠡᠢ ᠪᠠᠶᠢᠯᠭᠠᠨ᠎ᠠ᠃ ︽ᠨᠢᠭᠡ ᠬᠥᠮᠥᠨ ᠨᠢᠭᠡ ᠡᠷᠦᠬᠡ ᠶᠢ ᠳᠠᠭᠠᠭᠤᠯᠬᠤ᠂ ᠨᠢᠭᠡ ᠡᠷᠦᠬᠡ ᠨᠢᠭᠡ ᠳᠤᠭᠤᠶᠢᠯᠠᠩ ᠢ ᠳᠠᠭᠠᠭᠤᠯᠬᠤ᠂ ᠨᠢᠭᠡ ᠳᠤᠭᠤᠶᠢᠯᠠᠩ ᠨᠢᠭᠡ ᠪᠦᠯᠦᠭ ᠢ ᠳᠠᠭᠠᠭᠤᠯᠬᠤ︾ ᠵᠠᠭᠪᠤᠷ ᠢ ᠤᠯᠠᠮ ᠨᠢᠭᠡ ᠠᠯᠬᠤᠮ ᠪᠠᠬᠢᠵᠢᠭᠦᠯᠵᠦ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠦᠨ᠂ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠵᠢᠯ ᠲᠥᠷᠥᠯ ᠤᠨ ᠮᠡᠷᠭᠡᠵᠢᠯ ᠤᠨ ᠵᠢᠷᠤᠮᠵᠢᠯ᠂ ᠠᠵᠤ ᠠᠬᠤᠶᠢᠯᠠᠯ ᠤᠨ ᠲᠡᠵᠢᠭᠡᠨ ᠦᠷᠡᠵᠢᠭᠦᠯᠬᠦ ᠪᠠᠷᠢᠮᠵᠢᠶ᠎ᠠ᠂ ᠨᠢᠭᠡᠳᠦᠯᠲᠡᠢ ᠬᠢᠵᠢᠭ ᠢ ᠰᠡᠷᠭᠡᠶᠢᠯᠡᠨ ᠡᠪᠡᠳᠴᠢᠨ ᠢ ᠤᠰᠠᠳᠬᠠᠬᠤ ᠵᠡᠷᠭᠡ ᠲᠣᠭᠲᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠶᠠᠵᠢᠯ ᠤᠨ ᠵᠠᠮ ᠢ ᠠᠯᠬᠤᠮ ᠠᠯᠬᠤᠮ ᠢᠶᠠᠷ ᠨᠡᠭᠡᠭᠡᠵᠦ᠂ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠬᠥᠭᠵᠢᠭᠦᠯᠵᠦ᠂ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ
 
ᠢᠷᠡᠯᠲᠡ᠄ ᠰᠢᠩ ᠶᠣᠣ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号