ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2023/12/27
ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ

ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ ᠨᠢ ᠪᠦᠬᠦ

ᠬᠤᠰᠢᠭᠤᠨ ᠤ ᠡᠭᠦᠷᠭᠡ ᠲᠤᠰᠢᠶᠠᠯᠲᠤ ᠰᠠᠯᠭ᠎ᠠ ᠮᠦᠴᠢᠷ ᠪᠤᠯᠤᠭᠰᠠᠨ ᠤ ᠬᠤᠪᠢ ᠳᠤ ᠪᠦᠬᠦ ᠬᠤᠰᠢᠭᠤᠨ ᠤ ᠠᠮᠢ

ᠠᠬᠤᠢ ᠶᠢᠨ ᠬᠠᠮᠠᠭᠠᠯᠠᠯᠲᠠ ᠶᠢᠨ ᠠᠵᠢᠯ ᠢ ᠵᠤᠬᠢᠶᠠᠨ ᠪᠠᠶᠢᠭᠤᠯᠬᠤ᠂ ᠵᠤᠬᠢᠴᠠᠭᠤᠯᠬᠤ᠂ ᠵᠢᠯᠤᠭᠤᠳᠬᠤ ᠪᠠ ᠬᠢᠨᠠᠨ

ᠪᠠᠶᠢᠴᠠᠭᠠᠬᠤ ᠶᠢ ᠬᠠᠷᠢᠭᠠᠴᠠᠨ᠎ᠠ᠃ ᠪᠦᠬᠦ ᠬᠤᠰᠢᠭᠤᠨ ᠤ ᠠᠮᠢ ᠠᠬᠤᠢ ᠶᠢᠨ ᠡᠬᠢ ᠰᠤᠷᠪᠤᠯᠵᠢ ᠶᠢ ᠲᠠᠲᠠᠪᠤᠷᠢᠯᠠᠨ

ᠬᠡᠷᠡᠭᠯᠡᠬᠦ ᠳᠤ ᠤᠷᠢᠳᠴᠢᠯᠠᠨ ᠬᠢᠨᠠᠨ ᠪᠠᠶᠢᠴᠠᠭᠠᠯᠲᠠ ᠬᠢᠬᠦ᠂ ᠲᠦᠷᠦᠯ ᠵᠦᠢᠯ ᠤᠨ ᠭᠠᠵᠠᠷ ᠨᠤᠲᠤᠭ ᠬᠡᠷᠡᠭᠯᠡᠬᠦ ᠶᠠᠪᠤᠴᠠ

 ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠪᠠ

ᠡᠵᠡᠩᠨᠡᠬᠦ ᠡᠷᠬᠡ ᠶᠢ ᠳᠠᠮᠵᠢᠭᠤᠯᠤᠨ ᠰᠢᠯᠵᠢᠭᠦᠯᠬᠦ᠂ ᠪᠡᠯᠴᠢᠭᠡᠷᠯᠡᠭᠦᠯᠬᠦ ᠶᠢ ᠵᠤᠭᠰᠤᠭᠠᠬᠤ ᠮᠠᠯ ᠪᠡᠯᠴᠢᠭᠡᠷ ᠤᠨ

ᠲᠡᠩᠴᠡᠭᠦᠷᠢ ᠶᠢ ᠪᠠᠳᠤᠯᠠᠬᠤ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠲᠤᠭᠳᠠᠭᠠᠯ ᠢ ᠲᠤᠭᠳᠠᠭᠠᠨ

ᠬᠡᠷᠡᠭᠵᠢᠭᠦᠯᠦᠨ᠎ᠡ᠃ ᠠᠮᠢ ᠠᠬᠤᠢ ᠶᠢᠨ ᠬᠤᠷᠢᠭ᠎ᠠ ᠱᠤᠭᠤᠮ ᠢ ᠲᠤᠭᠳᠠᠭᠠᠵᠦ᠂ ᠨᠤᠳᠤᠭ ᠪᠡᠯᠴᠢᠭᠡᠷ ᠤᠨ ᠠᠮᠢ ᠠᠬᠤᠢ

 ᠶᠢᠨ ᠬᠢᠨᠠᠨ ᠬᠡᠮᠵᠢᠬᠦ ᠪᠠ ᠦᠨᠡᠯᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠬᠢᠨᠠᠨ ᠬᠠᠮᠢᠶᠠᠷᠤᠨ᠎ᠠ᠃

ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠵᠦ᠂ ᠨᠤᠳᠤᠭ

ᠪᠡᠯᠴᠢᠭᠡᠷ ᠤᠨ ᠬᠠᠤᠯᠢ ᠴᠠᠭᠠᠵᠠ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ

ᠰᠶᠢᠳᠪᠦᠷᠢᠯᠡᠵᠦ᠂ ᠪᠦᠬᠦ ᠬᠤᠰᠢᠭᠤᠨ ᠤ ᠨᠤᠳᠤᠭ ᠪᠡᠯᠴᠢᠭᠡᠷ ᠤᠢ ᠰᠢᠭᠤᠢ ᠶᠢᠨ ᠤᠷᠭᠤᠮᠠᠯ ᠤᠨ ᠪᠦᠷᠬᠦᠴᠡ ᠶᠢ

ᠰᠡᠷᠭᠦᠭᠡᠬᠦ᠂ ᠭᠠᠵᠠᠷ ᠬᠠᠭᠠᠯᠪᠤᠷᠢᠯᠠᠯᠲᠠ ᠶᠢ ᠰᠡᠷᠭᠦᠭᠡᠬᠦ᠂ ᠠᠭᠤᠷᠬᠠᠢ ᠶᠢᠨ ᠤᠷᠤᠨ ᠢ ᠵᠠᠰᠠᠬᠤ᠂ ᠭᠠᠵᠠᠷ ᠰᠢᠷᠤᠢ  ᠶᠢᠨ

ᠪᠤᠬᠢᠷᠳᠤᠯ ᠢ ᠰᠡᠷᠭᠡᠶᠢᠯᠡᠨ ᠵᠠᠰᠠᠬᠤ᠂ ᠬᠦᠷᠦᠰᠦᠨ ᠤ ᠢᠳᠡᠭᠳᠡᠯ ᠢ ᠵᠠᠰᠠᠬᠤ ᠶᠢ ᠬᠢᠨᠠᠨ ᠪᠠᠶᠢᠴᠠᠭᠠᠨ᠎ᠠ᠃

 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号