ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠰᠤᠶᠤᠯ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2023/12/27
 ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠰᠤᠶᠤᠯ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠤᠪᠴᠢᠶ᠎ᠠᠭᠤᠤᠯ ᠡᠭᠦᠷᠭᠡ ᠬᠠᠷᠢᠭᠤᠴᠠᠯᠭ᠎ᠠ

︵ᠨᠢᠭᠡ︶ ᠤᠯᠤᠰ ᠪᠤᠯᠤᠨ ᠦᠪᠡᠷᠲᠡᠭᠡᠨ ᠵᠠᠰᠠᠬᠤ ᠤᠷᠤᠨ᠂ ᠠᠶᠢᠮᠠᠭ ᠤᠨ ᠰᠤᠶᠤᠯ ᠲᠠᠮᠢᠷ᠂ ᠷᠠᠳᠢᠤ᠋ ᠲᠧᠯᠸᠢᠰ᠂

ᠵᠢᠭᠤᠯᠴᠢᠯᠠᠯ ᠤᠨ ᠦᠢᠯᠡᠰ ᠤᠨ ᠴᠢᠭᠯᠡᠯ᠂ ᠲᠦᠷᠦ ᠶᠢᠨ ᠪᠤᠲᠤᠯᠭ᠎ᠠ᠂ ᠲᠦᠷᠢᠮ ᠲᠤᠭᠲᠠᠭᠠᠯ ᠵᠢᠴᠢ ᠪᠦᠬᠦ ᠬᠤᠰᠢᠭᠤᠨ

 ᠤ ᠰᠤᠶᠤᠯ ᠲᠠᠮᠢᠷ᠂ ᠷᠠᠳᠢᠤ᠋ ᠲᠧᠯᠸᠢᠰ᠂ ᠵᠢᠭᠤᠯᠴᠢᠯᠠᠯ ᠤᠨ ᠦᠢᠯᠡᠰ ᠪᠤᠯᠤᠨ ᠠᠵᠤ ᠦᠢᠯᠡᠰ ᠤᠨ ᠬᠦᠭᠵᠢᠯᠲᠡ  ᠶᠢᠨ

ᠲᠦᠰᠦᠪ᠂ ᠲᠦᠷᠦ ᠶᠢᠨ ᠪᠤᠲᠤᠯᠭ᠎ᠠ ᠪᠤᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠵᠤᠬᠢᠶᠠᠨ ᠪᠠᠶᠢᠭᠤᠯᠤᠯᠲᠠ

ᠪᠤᠯᠤᠨ ᠬᠢᠨᠠᠯᠲᠠ ᠲᠠᠯᠪᠢᠬᠤ ᠶᠢ ᠲᠤᠤᠱᠯᠠᠭᠤᠯᠤᠨ ᠬᠡᠷᠡᠭᠵᠢᠬᠦᠯᠵᠤ᠂ ᠪᠦᠬᠦ ᠬᠤᠰᠢᠭᠤᠨ ᠤ ᠰᠤᠶᠤᠯ ᠤᠨ

ᠲᠤᠭᠲᠠᠯᠴᠠᠭᠠᠨ ᠤ ᠦᠬᠡᠷᠡᠴᠢᠯᠡᠯᠡᠲᠡ ᠪᠤᠯᠤᠨ ᠬᠠᠷᠢᠯᠴᠠᠭ᠎ᠠ ᠵᠢᠴᠢ ᠬᠠᠮᠲᠤᠷᠠᠯᠴᠠᠭ᠎ᠠ ᠶᠢ ᠠᠬᠢᠭᠤᠯᠤᠨ᠎ᠠ᠃

︵ᠬᠤᠶᠠᠷ︶ ᠪᠦᠬᠦ ᠬᠤᠰᠢᠭᠤᠨ ᠤ ᠰᠤᠶᠤᠯ ᠲᠠᠮᠢᠷ᠂ ᠷᠠᠳᠢᠤ᠋ ᠲᠧᠯᠸᠢᠰ ᠵᠢᠭᠤᠯᠴᠢᠯᠠᠯ ᠤᠨ ᠪᠦᠬᠦ ᠵᠢᠯ ᠤᠨ ᠠᠵᠢᠯ  ᠤᠨ

ᠲᠦᠰᠦᠪ ᠢ ᠲᠤᠭᠲᠠᠭᠠᠵᠤ᠂ ᠪᠦᠬᠦ ᠬᠤᠰᠢᠭᠤᠨ ᠤ ᠬᠡᠪᠴᠢᠶ᠎ᠡ ᠲᠠᠢ ᠴᠢᠬᠤᠯᠠ ᠰᠤᠶᠤᠯ ᠲᠠᠮᠢᠷ ᠤᠨ ᠠᠵᠢᠯᠯᠠᠭ᠎ᠠ  ᠶᠢ

ᠵᠤᠬᠢᠴᠠᠭᠤᠯᠤᠨ ᠶᠠᠪᠤᠭᠲᠠᠭᠤᠯᠤᠨ᠎ᠠ᠃

︵ᠭᠤᠷᠪᠠ︶ ᠪᠦᠬᠦ ᠬᠤᠰᠢᠭᠤᠨ ᠤ ᠰᠤᠶᠤᠯ ᠲᠠᠮᠢᠷ᠂ ᠷᠠᠳᠢᠤ᠋ ᠲᠧᠯᠸᠢᠰ᠂ ᠵᠢᠭᠤᠯᠴᠢᠯᠠᠯ ᠤᠨ ᠴᠢᠬᠤᠯᠠ ᠢᠨᠵᠧᠨᠧᠷᠢᠩ

ᠪᠤᠯᠤᠨ ᠭᠤᠤᠯᠲᠠᠯᠭ᠎ᠠ ᠲᠠᠢ ᠪᠦᠲᠦᠭᠡᠨ ᠪᠠᠶᠢᠭᠤᠯᠤᠯᠲᠠ ᠶᠢ ᠲᠦᠰᠦᠪᠯᠡᠨ ᠵᠢᠯᠤᠭᠤᠳᠴᠤ᠂ ᠬᠠᠮᠢᠶ᠎ᠠ ᠪᠦᠬᠦᠢ ᠤᠯᠠᠨ

ᠨᠡᠶᠢᠲᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠥᠨ᠎ᠡ᠃

 ︵ᠲᠦᠷᠪᠡ︶ ᠪᠦᠬᠦ ᠬᠤᠰᠢᠭᠤᠨ ᠤ ᠲᠤᠰᠬᠠᠢ ᠮᠡᠷᠭᠡᠵᠢᠯ ᠤᠨ ᠤᠷᠠᠯᠢᠭ ᠤᠨ ᠪᠦᠯᠬᠦᠮ ᠲᠤᠰᠬᠠᠢ ᠮᠡᠷᠭᠡᠵᠢᠯ ᠤᠨ ᠪᠡᠶ᠎ᠡ

 ᠶᠢᠨ ᠲᠠᠮᠢᠷ ᠤᠨ ᠬᠦᠲᠡᠯᠭᠡᠭᠡᠨ ᠢ ᠤᠲᠤᠷᠢᠲᠤᠨ ᠵᠤᠬᠢᠶᠠᠨ ᠪᠠᠶᠢᠭᠤᠯᠵᠤ᠂ ᠪᠦᠬᠦ ᠬᠤᠰᠢᠭᠤᠨ ᠤ ᠰᠤᠶᠤᠯ ᠲᠠᠮᠢᠷ᠂

ᠷᠠᠳᠢᠤ᠋ ᠲᠧᠯᠸᠢᠰ᠂ ᠵᠢᠭᠤᠯᠴᠢᠯᠠᠯ ᠤᠨ ᠴᠢᠲᠠᠪᠦᠷᠢᠲᠠᠨ ᠢ ᠬᠦᠮᠦᠵᠢᠬᠦᠯᠵᠤ᠂ ᠡᠯ᠎ᠡ ᠲᠦᠷᠦᠯ ᠤᠨ ᠲᠤᠰᠬᠠᠢ ᠮᠡᠷᠭᠡᠵᠢᠯ

 ᠤᠨ ᠰᠤᠷᠭᠠᠨ ᠬᠦᠮᠦᠵᠢᠯ ᠵᠢᠴᠢ ᠰᠢᠨᠵᠢᠯᠡᠭᠡ ᠮᠡᠷᠭᠡᠵᠢᠯ ᠤᠨ ᠬᠦᠲᠦᠯᠪᠦᠷᠢ ᠶᠢ ᠲᠤᠭᠲᠠᠭᠠᠨ ᠬᠡᠷᠡᠭᠵᠢᠬᠦᠯᠥᠨ᠎ᠡ᠃

︵ᠲᠠᠪᠤ︶ ᠪᠦᠬᠦ ᠬᠤᠰᠢᠭᠤᠨ ᠤ ᠤᠷᠠᠯᠢᠭ ᠤᠨ ᠡᠬᠦᠲᠦᠯᠲᠡ ᠪᠤᠯᠤᠨ ᠵᠤᠬᠢᠶᠠᠨ ᠪᠦᠲᠦᠭᠡᠯᠲᠡ ᠶᠢ ᠤᠲᠤᠷᠢᠲᠤᠨ

ᠵᠢᠯᠤᠭᠤᠳᠴᠤ᠂ ᠪᠦᠬᠦ ᠬᠤᠰᠢᠭᠤᠨ ᠤ ᠲᠤᠮᠤ ᠬᠡᠪᠴᠢᠶᠡᠨ ᠤ ᠤᠷᠠᠯᠢᠭ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ

ᠵᠢᠯᠤᠭᠤᠲᠤᠨ᠎ᠠ᠃

︵ᠵᠢᠷᠭᠤᠭ᠎ᠠ︶ ᠪᠦᠬᠦ ᠬᠤᠰᠢᠭᠤᠨ ᠤ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠵᠢᠴᠢ ᠨᠤᠮ ᠤᠨ ᠰᠠᠩ᠂

ᠦᠵᠡᠰᠬᠦᠯᠡᠩ ᠤᠨ ᠤᠷᠲᠤᠨ᠂ ᠰᠤᠶᠤᠯ ᠤᠨ ᠠᠵᠢᠯᠯᠠᠭᠠᠨ ᠤ ᠲᠦᠪ ᠤᠨ ᠪᠦᠲᠦᠬᠡᠨ ᠪᠠᠶᠢᠭᠤᠯᠤᠯᠲᠠ ᠪᠤᠯᠤᠨ

ᠬᠠᠮᠢᠶᠠᠷᠤᠯᠲᠠ ᠶᠢ ᠵᠢᠯᠤᠭᠤᠲᠤᠨ᠎ᠠ᠃

 ︵ᠲᠤᠯᠤᠭ᠎ᠠ︶ ᠪᠦᠬᠦ ᠬᠤᠰᠢᠭᠤᠨ ᠤ ᠪᠤᠲᠠᠰ ᠤᠨ ᠪᠤᠰᠤ ᠰᠤᠶᠤᠯ ᠤᠨ ᠦᠪ ᠤᠨ ᠦᠯᠡᠲᠡᠭᠲᠡᠯ ᠤᠨ ᠬᠠᠮᠠᠭᠠᠯᠠᠯᠲᠠ

 ᠶᠢᠨ ᠲᠦᠷᠢᠮ ᠲᠤᠭᠲᠠᠭᠠᠯ ᠪᠤᠯᠤᠨ ᠬᠡᠷᠡᠭᠵᠢᠬᠦᠯᠬᠦ ᠰᠠᠨᠠᠯ ᠢ ᠬᠠᠷᠢᠭᠤᠴᠠᠨ ᠲᠤᠭᠲᠠᠭᠠᠵᠤ᠂ ᠪᠦᠬᠦ ᠬᠤᠰᠢᠭᠤᠨ ᠤ

ᠪᠤᠲᠠᠰ ᠤᠨ ᠪᠤᠰᠤ ᠰᠤᠶᠤᠯ ᠤᠨ ᠦᠪ ᠤᠨ ᠦᠯᠡᠲᠡᠭᠲᠡᠯ ᠤᠨ ᠬᠠᠮᠠᠭᠠᠯᠠᠯᠲᠠ ᠪᠤᠯᠤᠨ ᠦᠨᠲᠦᠰᠦᠲᠡᠨ ᠤ ᠰᠢᠯᠢᠲᠡᠭ

ᠰᠤᠶᠤᠯ ᠤᠨ ᠦᠪᠯᠡᠨ ᠤᠯᠠᠮᠵᠢᠯᠠᠬᠤ ᠠᠵᠢᠯ ᠢ ᠵᠤᠬᠢᠶᠠᠨ ᠪᠠᠶᠢᠭᠤᠯᠤᠨ᠂ ᠪᠦᠬᠦ ᠬᠤᠰᠢᠭᠤᠨ ᠤ ᠡᠷᠲᠡᠨ ᠤ

ᠲᠤᠷᠠᠰᠬᠠᠯᠲᠦ ᠵᠦᠢᠯᠡᠰ ᠵᠢᠴᠢ ᠡᠷᠲᠡᠨ ᠤ ᠰᠤᠲᠤᠯᠣᠯ᠂ ᠮᠦᠸᠧᠽᠢ ᠵᠡᠷᠭᠡ ᠶᠢ ᠬᠢᠨᠠᠨ ᠤᠲᠤᠷᠢᠲᠤᠨ᠎ᠠ᠃

︵ᠨᠠᠢᠮᠠ︶ ᠪᠦᠬᠦ ᠬᠤᠰᠢᠭᠤᠨ ᠤ ᠲᠠᠮᠢᠷ ᠤᠨ ᠦᠢᠯᠡᠰ ᠤᠨ ᠬᠦᠭᠵᠢᠯᠲᠡ ᠶᠢᠨ ᠲᠦᠰᠦᠪ ᠢ ᠬᠠᠷᠢᠭᠤᠴᠠᠨ

ᠲᠤᠭᠲᠠᠭᠠᠵᠤ᠂ ᠤᠯᠠᠨ ᠲᠦᠷᠦᠯ ᠤᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠬᠡᠨ ᠪᠠᠶᠢᠭᠤᠯᠤᠯᠲᠠ ᠶᠢ

ᠲᠦᠯᠬᠢᠨ ᠠᠬᠢᠭᠤᠯᠵᠤ᠂ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠪᠤᠯᠤᠨ ᠲᠠᠮᠢᠷ ᠤᠨ ᠬᠠᠮᠢᠶᠠᠷᠤᠯᠲᠠ ᠶᠢᠨ

ᠲᠤᠭᠲᠠᠴᠠ  ᠶᠢᠨ ᠦᠬᠡᠷᠡᠴᠢᠯᠡᠯᠲᠡ ᠢ ᠠᠬᠢᠭᠤᠯᠵᠤ᠂ ᠪᠦᠬᠦ ᠬᠤᠰᠢᠭᠤᠨ ᠤ ᠤᠯᠠᠨ ᠲᠦᠮᠡᠨᠴᠢ ᠲᠠᠮᠢᠷ ᠤᠨ

ᠬᠦᠲᠡᠯᠭᠡᠭᠡᠨ ᠤ ᠬᠦᠭᠵᠢᠯᠲᠡ ᠢ ᠨᠢᠭᠡᠲᠦᠯᠲᠠᠢ ᠲᠦᠯᠥᠪᠵᠢᠬᠦᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ

ᠲᠦᠰᠦᠪ ᠢ ᠵᠤᠬᠢᠨᠶᠠᠨ ᠪᠠᠶᠢᠭᠤᠯᠵᠤ ᠬᠡᠷᠡᠭᠵᠢᠬᠦᠯᠥᠨ᠂ ᠤᠯᠠᠨ ᠲᠦᠮᠡᠨᠴᠢ ᠴᠢᠨᠠᠷᠲᠠᠢ ᠲᠠᠮᠢᠷ ᠤᠨ ᠬᠦᠲᠡᠯᠭᠡᠭᠡᠨ ᠢ

ᠦᠷᠨᠢᠬᠦᠯᠥᠨ᠎ᠡ᠃

︵ᠶᠢᠰᠦ︶ ᠪᠦᠬᠦ ᠬᠤᠰᠢᠭᠤᠨ ᠤ ᠦᠷᠢᠰᠦᠯᠳᠦᠭᠡᠨ ᠤ ᠲᠠᠮᠢᠷ ᠤᠨ ᠭᠦᠭᠵᠢᠯᠲᠡ ᠶᠢ ᠨᠢᠭᠡᠳᠦᠯᠲᠠᠢ ᠲᠦᠯᠦᠪᠵᠢᠭᠦᠯᠦᠨ᠂

ᠪᠦᠬᠦ ᠬᠤᠰᠢᠭᠤᠨ ᠤ ᠲᠠᠮᠢᠷ ᠤᠨ ᠠᠵᠢᠯ ᠲᠦᠷᠦᠯ ᠤᠨ ᠴᠢᠳᠠᠪᠦᠷᠢ ᠶᠢ ᠬᠢᠨᠠᠨ ᠲᠣᠭᠳᠠᠭᠠᠬᠤ ᠠᠵᠢᠯ ᠢ ᠵᠣᠬᠢᠶᠠᠨ

ᠪᠠᠶᠢᠭᠤᠯᠵᠦ᠂ ᠲᠠᠮᠢᠷ ᠤᠨ ᠪᠣᠯᠪᠠᠰᠣᠷᠠᠯ᠂ ᠦᠷᠢᠰᠦᠯᠳᠦᠭᠡᠨ ᠪᠠ ᠲᠠᠮᠢᠷᠴᠢᠳ ᠤᠨ ᠡᠩᠨᠡᠭᠡᠨ ᠤ ᠪᠦᠳᠦᠭᠡᠨ

ᠪᠠᠶᠢᠭᠤᠯᠣᠯᠲᠠ ᠶᠢ ᠵᠢᠯᠣᠭᠤᠳᠴᠣ᠂ ᠲᠠᠮᠢᠷ ᠤᠨ ᠦᠷᠢᠰᠦᠯᠳᠦᠭᠡᠨ ᠳᠤ ᠣᠷᠣᠯᠴᠠᠬᠤ ᠪᠠ ᠡᠯ᠎ᠡ ᠵᠦᠢᠯ ᠤᠨ

ᠠᠵᠢᠯᠯᠠᠭ᠎ᠠ ᠶᠢ ᠲᠠᠭᠠᠭᠠᠴᠢᠯᠠᠨ ᠡᠷᠬᠢᠯᠡᠨ᠎ᠡ᠃ ᠬᠤᠰᠢᠭᠤᠨ ᠤ ᠵᠠᠯᠠᠭᠤ ᠪᠠᠭᠠᠴᠣᠳ ᠤᠨ ᠲᠠᠮᠢᠷ ᠤᠨ ᠭᠦᠭᠵᠢᠯᠲᠡ ᠶᠢ

ᠨᠢᠭᠡᠳᠦᠯᠲᠠᠢ ᠲᠦᠯᠦᠪᠵᠢᠭᠦᠯᠣᠨ᠂ ᠵᠠᠯᠠᠭᠤ ᠪᠠᠭᠠᠴᠣᠳ ᠤᠨ ᠲᠠᠮᠢᠷ ᠤᠨ ᠠᠵᠢᠯ ᠢ ᠵᠢᠯᠣᠭᠤᠳᠣᠨ ᠠᠬᠢᠭᠤᠯᠣᠨ᠎ᠠ᠃

︵ᠠᠷᠪᠠ︶ ᠪᠦᠬᠦ ᠬᠤᠰᠢᠭᠤᠨ ᠤ ᠲᠠᠮᠢᠷ ᠤᠨ ᠠᠵᠦ ᠦᠢᠯᠡᠰ ᠤᠨ ᠭᠦᠭᠵᠢᠯᠲᠡ ᠶᠢᠨ ᠲᠦᠷᠦ ᠶᠢᠨ ᠪᠣᠳᠣᠯᠭ᠎ᠠ ᠶᠢ

ᠲᠦᠯᠦᠪᠯᠡᠨ ᠲᠣᠭᠳᠠᠭᠠᠬᠤ ᠶᠢ ᠬᠠᠷᠢᠭᠤᠴᠠᠵᠦ᠂ ᠲᠠᠮᠢᠷ ᠤᠨ ᠦᠢᠯᠡᠴᠢᠯᠡᠭᠡᠨ ᠤ ᠬᠠᠮᠢᠶᠠᠷᠣᠯᠲᠠ ᠶᠢ ᠲᠦᠷᠢᠮᠵᠢᠭᠦᠯᠦᠨ᠂

ᠲᠠᠮᠢᠷ ᠤᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠣᠨ᠎ᠠ᠃

︵ᠠᠷᠪᠠᠨ ᠨᠢᠭᠡ︶ ᠪᠦᠬᠦ ᠬᠤᠰᠢᠭᠤᠨ ᠤ ᠷᠠᠳᠢᠣ᠋᠂ ᠲᠧᠯᠸᠢᠰ ᠤᠨ ᠨᠡᠶᠢᠲᠡ ᠶᠢᠨ ᠦᠢᠯᠡᠴᠢᠯᠡᠭᠡ ᠶᠢ ᠲᠦᠯᠬᠢᠨ

ᠠᠬᠢᠭᠤᠯᠵᠦ᠂ ᠷᠠᠳᠢᠣ᠋᠂ ᠲᠧᠯᠸᠢᠰ ᠤᠨ ᠭᠦᠨᠲᠦ ᠴᠢᠬᠤᠯᠠ ᠢᠨᠵᠧᠨᠧᠷᠢᠩ ᠢ ᠵᠣᠬᠢᠶᠠᠨ ᠪᠠᠶᠢᠭᠤᠯᠣᠨ ᠭᠡᠷᠡᠭᠵᠢᠭᠦᠯᠵᠦ᠂

ᠪᠦᠬᠦ ᠠᠶᠢᠮᠠᠭ ᠤᠨ ᠴᠢᠨᠠᠷᠲᠠᠢ ᠭᠦᠨᠲᠦ ᠴᠢᠬᠤᠯᠠ ᠷᠠᠳᠢᠣ᠋᠂ ᠲᠧᠯᠸᠢᠰ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ

ᠵᠢᠯᠣᠭᠤᠳᠣᠨ᠎ᠠ᠃

︵ᠠᠷᠪᠠᠨ ᠬᠤᠶᠠᠷ︶ ᠪᠦᠬᠦ ᠬᠤᠰᠢᠭᠤᠨ ᠤ ᠷᠠᠳᠢᠣ᠋ ᠲᠧᠯᠸᠢᠰ᠂ ᠴᠢᠮᠡᠭᠡ ᠵᠠᠩᠬᠢ ᠲᠣᠣᠷ ᠰᠦᠯᠵᠢᠶᠡᠨ ᠤ ᠫᠷᠣᠭ᠍ᠷᠠᠮ ᠤᠨ

ᠦᠢᠯᠡᠴᠢᠯᠡᠭᠡᠨ ᠤ ᠪᠠᠶᠢᠭᠤᠯᠣᠮᠵᠢ ᠪᠠ ᠡᠷᠬᠢᠯᠡᠭᠰᠡᠨ ᠠᠵᠢᠯ ᠳᠤ ᠬᠢᠨᠠᠯᠲᠠ ᠲᠠᠯᠪᠢᠨ᠎ᠠ᠃ ᠷᠠᠳᠢᠣ᠋ ᠲᠧᠯᠸᠢᠰ ᠤᠨ

ᠫᠷᠣᠭ᠍ᠷᠠᠮ ᠤᠨ ᠭᠠᠳᠠᠭᠠᠲᠦ ᠠᠴᠠ ᠣᠷᠣᠭᠤᠯᠬᠤ ᠪᠠ ᠬᠤᠷᠢᠶᠠᠨ ᠰᠢᠩᠭᠡᠭᠡᠭᠦ ᠠᠵᠢᠯ ᠤᠨ ᠬᠠᠮᠢᠶᠠᠷᠣᠨ ᠵᠢᠭᠠᠨ

ᠵᠢᠯᠣᠭᠤᠳᠣᠨ᠎ᠠ᠃ ᠪᠦᠬᠦ ᠬᠤᠰᠢᠭᠤᠨ ᠤ ᠷᠠᠳᠢᠣ᠋ ᠲᠧᠯᠸᠢᠰ᠂ ᠴᠢᠮᠡᠭᠡ ᠵᠠᠩᠬᠢ ᠲᠣᠣᠷ ᠰᠦᠯᠵᠢᠶᠡᠨ ᠤ ᠫᠷᠣᠭ᠍ᠷᠠᠮ ᠤᠨ

ᠦᠢᠯᠡᠴᠢᠯᠡᠭᠡᠨ ᠤ ᠰᠢᠨᠵᠢᠯᠡᠬᠦ ᠮᠡᠷᠭᠡᠵᠢᠯ ᠤᠨ ᠠᠵᠢᠯ ᠢ ᠳᠠᠭᠠᠭᠠᠴᠢᠯᠠᠨ᠂ ᠪᠦᠬᠦ ᠬᠤᠰᠢᠭᠤᠨ ᠤ ᠷᠠᠳᠢᠣ᠋ ᠲᠧᠯᠸᠢᠰ

ᠫᠷᠣᠭ᠍ᠷᠠᠮ ᠤᠨ ᠳᠠᠮᠵᠢᠭᠤᠯᠣᠯᠲᠠ ᠪᠦᠷᠭᠦᠯᠲᠠ᠂ ᠰᠢᠯᠭᠠᠨ ᠪᠠᠶᠢᠴᠠᠭᠠᠯᠲᠠ ᠪᠠ ᠠᠶᠦᠯᠬᠦᠢ ᠨᠡᠪᠲᠡᠷᠡᠭᠦᠯᠬᠦ ᠶᠢᠨ ᠬᠢᠨᠠᠨ

ᠬᠠᠮᠢᠶᠠᠷᠣᠯᠲᠠ ᠳᠤ ᠬᠠᠷᠢᠭᠤᠴᠠᠨ᠎ᠠ᠃

︵ᠠᠷᠪᠠᠨ ᠭᠤᠷᠪᠠ︶ ᠪᠦᠬᠦ ᠬᠤᠰᠢᠭᠤᠨ ᠤ ᠰᠣᠶᠣᠯ ︵ᠰᠣᠶᠣᠯ ᠤᠨ ᠪᠦᠳᠦᠭᠡᠭᠳᠡᠭᠦᠨ︶ ᠲᠠᠮᠢᠷ᠂ ᠷᠠᠳᠢᠣ᠋

ᠲᠧᠯᠸᠢᠰ ᠤᠨ ᠵᠠᠬ᠎ᠠ ᠲᠡᠯᠭᠡᠭᠦᠷ ᠤᠨ ᠬᠠᠮᠢᠶᠠᠷᠣᠯᠲᠠ ᠶᠢᠨ ᠠᠵᠢᠯ ᠢ ᠬᠢᠨᠠᠨ ᠵᠢᠯᠣᠭᠤᠳᠣᠨ᠎ᠠ᠃ ᠪᠦᠬᠦ ᠬᠤᠰᠢᠭᠤᠨ ᠤ

ᠰᠣᠶᠣᠯ ︵ᠰᠣᠶᠣᠯ ᠤᠨ ᠪᠦᠳᠦᠭᠡᠭᠳᠡᠭᠦᠨ︶ ᠲᠠᠮᠢᠷ᠂ ᠷᠠᠳᠢᠣ᠋ ᠲᠧᠯᠸᠢᠰ ᠤᠨ ᠡᠵᠡᠩᠨᠡᠯᠲᠠ ᠶᠢᠨ ᠠᠵᠢᠯᠯᠠᠭ᠎ᠠ ᠳᠤ ᠠᠵᠢᠯ

ᠲᠦᠷᠦᠯ ᠤᠨ ᠬᠢᠨᠠᠨ ᠬᠠᠮᠢᠶᠠᠷᠣᠯᠲᠠ ᠶᠠᠪᠣᠭᠤᠯᠬᠤ ᠶᠢ ᠬᠠᠷᠢᠭᠤᠴᠠᠨ᠎ᠠ᠃

︵ᠠᠷᠪᠠ ᠲᠦᠷᠪᠡ︶ ᠦᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠬᠠᠮᠢᠶ᠎ᠠ ᠪᠦᠬᠦᠢ ᠲᠣᠰᠢᠶᠠᠭᠰᠠᠨ ᠪᠣᠰᠣᠳ

ᠠᠵᠢᠯ ᠳᠤ ᠬᠠᠷᠢᠭᠤᠴᠠᠨ᠎ᠠ᠃

 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号