ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠰᠣᠷᠭᠠᠨ ᠬᠦᠮᠦᠵᠢᠯ ᠤᠨ ᠲᠤᠪᠴᠢᠶᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/12/27
ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠰᠣᠷᠭᠠᠨ ᠬᠦᠮᠦᠵᠢᠯ ᠤᠨ ᠲᠤᠪᠴᠢᠶᠠᠨ ᠤ ᠲᠤᠪᠴᠢ ᠲᠠᠨᠢᠯᠴᠠᠭᠤᠯᠭ᠎ᠠ ᠭᠤᠤᠯ ᠡᠭᠦᠷᠭᠡ ᠬᠠᠷᠢᠭᠤᠴᠠᠯᠭ᠎ᠠ

︵ᠨᠢᠭᠡ︶ ᠨᠠᠮ ᠪᠠ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠰᠣᠷᠭᠠᠨ ᠬᠦᠮᠦᠵᠢᠯ ᠤᠨ ᠠᠵᠢᠯ  ᠤᠨ

ᠴᠢᠭᠯᠡᠯᠳᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠲᠦᠷᠢᠮ ᠲᠤᠬᠳᠠᠭᠠᠯ ᠢ ᠨᠠᠶᠢᠳᠠᠪᠤᠷᠢᠵᠢᠭᠤᠯᠵᠤ᠂

ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢ ᠶᠢ ᠲᠤᠤᠱᠯᠠᠭᠤᠯᠤᠨ ᠬᠡᠷᠡᠭᠵᠢᠭᠦᠯᠵᠤ᠂ ᠪᠦᠬᠦ

ᠬᠤᠰᠢᠭᠤᠨ ᠤ ᠰᠣᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠤᠯᠤᠨ

ᠰᠤᠷᠭᠠᠨ ᠬᠦᠮᠦᠵᠢᠯ ᠤᠨ ᠠᠵᠢᠯ ᠤᠶᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ᠂

ᠠᠷᠭ᠎ᠠ ᠬᠡᠮᠵᠢᠶ᠎ᠡ ᠶᠢ ᠰᠣᠳᠤᠯᠤᠨ ᠲᠤᠬᠳᠠᠭᠠᠬᠤ ᠪᠠᠷ ᠦᠯᠦ ᠪᠠᠷᠠᠮ ᠵᠤᠬᠢᠶᠠᠨ ᠪᠠᠶᠢᠭᠤᠯᠤᠨ ᠬᠢᠨᠠᠯᠳᠠ ᠲᠠᠯᠪᠢᠨ

ᠬᠡᠷᠡᠭᠵᠢᠭᠦᠯᠦᠨ ᠬᠦᠢᠴᠡᠳᠬᠡᠨ᠎ᠡ᠃

︵ᠬᠤᠶᠠᠷ︶ ᠪᠦᠬᠦ ᠬᠤᠰᠢᠭᠤᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠢ ᠨᠢᠭᠡᠳᠦᠯᠳᠡᠢ ᠲᠦᠯᠦᠪᠵᠢᠭᠦᠯᠵᠤ᠂

ᠬᠠᠮᠢᠶᠠᠷᠤᠯᠳᠠ ᠶᠢ ᠵᠤᠬᠢᠴᠠᠭᠤᠯᠤᠨ᠂ ᠲᠤᠮᠳᠠᠳᠤ ᠵᠡᠷᠭᠡ᠂ ᠠᠩᠬ᠎ᠠ ᠵᠡᠷᠭᠡ ᠶᠢᠨ ᠰᠣᠷᠭᠠᠨ ᠬᠦᠮᠦᠵᠢᠯ ᠤᠨ ᠪᠦᠳᠦᠭᠡᠨ

ᠪᠠᠶᠢᠭᠤᠯᠬᠤ ᠪᠠᠷᠢᠮᠵᠢᠶ᠎ᠠ ᠪᠠᠷ ᠵᠢᠭᠠᠨ ᠵᠢᠯᠤᠭᠤᠳᠴᠤ᠂ ᠪᠦᠬᠦ ᠬᠤᠰᠢᠭᠤᠨ ᠤ ᠡᠯ᠎ᠡ ᠲᠦᠷᠦᠯ ᠤᠨ ᠰᠣᠷᠭᠠᠭᠤᠯᠢ ᠶᠢᠨ

ᠵᠢᠭᠠᠨ ᠰᠣᠷᠭᠠᠯᠳᠠ ᠶᠢᠨ ᠦᠭᠡᠷᠡᠴᠢᠯᠡᠯᠳᠡ ᠶᠢ ᠵᠢᠭᠠᠨ ᠵᠢᠯᠤᠭᠤᠳᠤᠨ᠎ᠠ᠃

︵ᠭᠤᠷᠪᠠ︶ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠡᠢ ᠬᠦᠭᠵᠢᠯᠳᠡ ᠶᠢ ᠲᠦᠯᠬᠢᠨ ᠠᠬᠢᠭᠤᠯᠵᠤ

᠂ ᠰᠣᠷᠭᠠᠨ ᠬᠦᠮᠦᠵᠢᠯ ᠤᠨ ᠡᠷᠭᠡ ᠲᠡᠭᠰᠢ ᠶᠢ ᠠᠬᠢᠭᠤᠯᠤᠨ᠂ ᠲᠡᠭᠡᠳᠤ ᠬᠢᠷᠢ ᠲᠦᠪᠰᠢᠨ ᠲᠠᠢ ᠪᠠᠷ ᠶᠢᠰᠦᠨ ᠵᠢᠯ ᠤᠨ

ᠠᠯᠪᠠᠨ ᠵᠢᠷᠦᠮ ᠤᠨ ᠰᠣᠷᠭᠠᠨ ᠬᠦᠮᠦᠵᠢᠯ ᠢ ᠲᠦᠭᠡᠮᠡᠯᠵᠢᠭᠦᠯᠬᠦ ᠠᠵᠢᠯ ᠢ ᠴᠢᠨᠠᠷ ᠲᠠᠢ ᠪᠠᠷ ᠵᠤᠬᠢᠶᠠᠨ ᠪᠠᠶᠢᠭᠤᠯᠵᠤ

ᠬᠦᠢᠴᠡᠳᠬᠡᠨ᠎ᠡ᠃ ᠡᠩ ᠤᠨ ᠲᠡᠭᠡᠳᠤ ᠲᠤᠮᠳᠠᠳᠤ ᠶᠢᠨ ᠰᠣᠷᠭᠠᠨ ᠬᠦᠮᠦᠵᠢᠯ᠂ ᠴᠡᠴᠡᠷᠯᠢᠭ ᠤᠨ ᠰᠣᠷᠭᠠᠨ ᠬᠦᠮᠦᠵᠢᠯ᠂

ᠤᠨᠴᠠᠭᠠᠢ ᠰᠣᠷᠭᠠᠨ ᠬᠦᠮᠦᠵᠢᠯ ᠤᠨ ᠠᠵᠢᠯ ᠢ ᠵᠢᠭᠠᠨ ᠵᠢᠯᠤᠭᠤᠳᠤᠨ᠎ᠠ᠃ ᠰᠠᠭᠤᠷᠢ ᠰᠣᠷᠭᠠᠨ ᠬᠦᠮᠦᠵᠢᠯ ᠤᠨ ᠵᠢᠭᠠᠨ

ᠰᠣᠷᠭᠠᠯᠳᠠ ᠶᠢᠨ ᠦᠨᠳᠤᠰᠤᠨ ᠱᠠᠭᠠᠷᠳᠠᠯᠭ᠎ᠠ ᠪᠤᠯᠤᠨ ᠵᠢᠭᠠᠨ ᠰᠣᠷᠭᠠᠯᠳᠠ ᠶᠢᠨ ᠦᠨᠳᠤᠰᠤᠨ ᠪᠢᠴᠢᠭ ᠮᠠᠲ᠋ᠧᠷᠢᠶᠠᠯ ᠢ

ᠨᠠᠶᠢᠳᠠᠪᠤᠷᠢᠵᠢᠭᠤᠯᠵᠤ᠂ ᠰᠠᠭᠤᠷᠢ ᠰᠤᠷᠭᠠᠨ ᠬᠦᠮᠦᠵᠢᠯ ᠤᠨ ᠬᠦᠭᠵᠢᠯᠳᠡ ᠶᠢᠨ ᠬᠢᠷᠢ ᠲᠦᠪᠰᠢᠨ ᠪᠤᠯᠤᠨ ᠴᠢᠨᠠᠷ

ᠴᠢᠨᠰᠠᠭ᠎ᠠ ᠶᠢ ᠬᠢᠨᠠᠨ ᠲᠤᠬᠳᠠᠭᠠᠬᠤ ᠠᠵᠢᠯ ᠢ ᠵᠤᠬᠢᠶᠠᠨ ᠪᠠᠶᠢᠭᠤᠯᠤᠨ ᠬᠦᠢᠴᠡᠳᠬᠡᠨ᠎ᠡ᠃ ᠰᠣᠷᠭᠠᠭᠤᠯᠢ ᠶᠢᠨ ᠶᠤᠰᠤ

ᠮᠤᠷᠠᠯ ᠤᠨ ᠬᠦᠮᠦᠵᠢᠯ᠂ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠤᠨ ᠰᠣᠷᠭᠠᠨ ᠬᠦᠮᠦᠵᠢᠯ᠂ ᠤᠯᠤᠰ ᠤᠨ ᠪᠠᠳᠤᠯᠠᠨ

ᠬᠠᠮᠠᠭᠠᠯᠠᠯᠳᠠ ᠶᠢᠨ ᠰᠣᠷᠭᠠᠨ ᠬᠦᠮᠦᠵᠢᠯ᠂ ᠰᠤᠷᠭᠠᠭᠤᠯᠢ ᠶᠢᠨ ᠭᠠᠳᠠᠨᠠᠬᠢ ᠰᠣᠷᠭᠠᠨ ᠬᠦᠮᠦᠵᠢᠯ ᠪᠤᠯᠤᠨ ᠠᠮᠤᠷ

ᠲᠦᠪᠰᠢᠨ ᠤ ᠬᠠᠮᠢᠶᠠᠷᠤᠯᠳᠠ ᠶᠢᠨ ᠠᠵᠢᠯ ᠢ ᠵᠢᠭᠠᠨ ᠵᠢᠯᠤᠭᠤᠳᠴᠤ᠂ ᠪᠦᠬᠦ ᠲᠠᠯ᠎ᠠ ᠪᠠᠷ ᠬᠡᠪ ᠴᠢᠨᠠᠷ ᠤᠨ ᠰᠣᠷᠭᠠᠨ

ᠬᠦᠮᠦᠵᠢᠯ ᠢ ᠨᠠᠶᠢᠳᠠᠪᠤᠷᠢᠵᠢᠭᠤᠯᠤᠨ᠎ᠠ᠃

︵ᠲᠦᠷᠪᠡ︶ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠠᠵᠢᠯ ᠢ ᠵᠤᠬᠢᠶᠠᠨ ᠪᠠᠶᠢᠭᠤᠯᠤᠨ᠎ᠠ᠃ ᠲᠤᠮᠳᠠᠳᠤ ᠵᠡᠷᠭᠡ

ᠪᠤᠯᠤᠨ ᠲᠤᠮᠳᠠᠳᠤ ᠵᠡᠷᠭᠡ ᠠᠴᠠ ᠲᠤᠷᠤᠬᠰᠢᠬᠢ ᠰᠤᠷᠭᠠᠨ ᠬᠦᠮᠦᠵᠢᠯ᠂ ᠢᠳᠡᠷ ᠵᠠᠯᠠᠭᠤᠴᠤᠳ ᠤᠨ ᠰᠤᠶᠤᠯ  ᠤᠨ

ᠪᠠᠯᠠᠢ ᠶᠢ ᠠᠷᠢᠯᠭᠠᠬᠤ ᠠᠵᠢᠯ ᠢ ᠬᠢᠨᠠᠨ ᠵᠢᠯᠤᠭᠤᠳᠴᠤ᠂ ᠦᠨᠡᠯᠡᠬᠦ ᠪᠠ ᠪᠠᠶᠢᠴᠠᠭᠠᠨ ᠰᠢᠯᠭᠠᠬᠤ ᠠᠵᠢᠯ ᠢ ᠬᠠᠷᠢᠭᠤᠴᠠᠵᠤ

᠂ ᠰᠣᠷᠭᠠᠨ ᠬᠦᠮᠦᠵᠢᠯ ᠤᠨ ᠬᠢᠨᠠᠨ ᠵᠢᠯᠤᠭᠤᠳᠤᠯᠭ᠎ᠠ ᠶᠢᠨ ᠮᠡᠳᠡᠭᠦᠯᠦᠯᠳᠡ ᠦᠭᠭᠦᠨ᠎ᠡ᠃

︵ᠲᠠᠪᠤ︶ ᠠᠵᠢᠯ ᠤᠯᠬᠤ ᠳᠤ ᠴᠢᠭᠯᠡᠭᠦᠯᠦᠭᠰᠡᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠬᠦᠭᠵᠢᠯᠳᠡ ᠪᠠ

ᠦᠭᠡᠷᠡᠴᠢᠯᠡᠯᠳᠡ ᠶᠢ ᠵᠢᠭᠠᠨ ᠵᠢᠯᠤᠭᠤᠳᠴᠤ᠂ ᠲᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ  ᠤᠨ

ᠵᠢᠭᠠᠨ ᠰᠣᠷᠭᠠᠯᠳᠠ ᠶᠢ ᠵᠢᠯᠤᠭᠤᠳᠬᠤ ᠪᠢᠴᠢᠭ ᠮᠠᠲ᠋ᠧᠷᠢᠶᠠᠯ ᠪᠤᠯᠤᠨ ᠵᠢᠭᠠᠨ ᠰᠣᠷᠭᠠᠯᠳᠠ ᠶᠢ ᠦᠨᠡᠯᠡᠬᠦ ᠪᠠᠷᠢᠮᠵᠢᠶ᠎ᠠ ᠶᠢ

ᠲᠤᠭᠳᠠᠭᠠᠨ ᠬᠡᠷᠡᠭᠵᠢᠭᠦᠯᠦᠨ᠎ᠡ᠃ ᠲᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ᠂ ᠠᠵᠢᠯᠴᠢᠨ ᠤ

ᠰᠣᠷᠭᠠᠨ ᠬᠦᠮᠦᠵᠢᠯ᠂ ᠮᠠᠯᠴᠢᠨ ᠲᠠᠷᠢᠶᠠᠴᠢᠨ ᠤ ᠰᠣᠷᠭᠠᠨ ᠬᠦᠮᠦᠵᠢᠯ᠂ ᠨᠡᠶᠢᠭᠡᠮ ᠲᠤᠭᠤᠷᠢᠭ ᠤᠨ ᠰᠣᠷᠭᠠᠨ ᠬᠦᠮᠦᠵᠢᠯ

ᠪᠤᠯᠤᠨ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠣᠷᠭᠠᠨ ᠬᠦᠮᠦᠵᠢᠯ ᠢ ᠵᠢᠭᠠᠨ ᠵᠢᠯᠤᠭᠤᠳᠤᠨ᠎ᠠ᠃

ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠢ ᠵᠢᠭᠠᠨ ᠵᠢᠯᠤᠭᠤᠳᠴᠤ᠂ ᠲᠡᠭᠡᠳᠤ ᠲᠤᠮᠳᠠᠳᠤ  ᠶᠢᠨ ᠱᠠᠳᠤᠨ ᠤ

ᠠᠷᠠᠳ ᠠᠴᠠ ᠡᠷᠬᠢᠯᠡᠭᠰᠡᠨ ᠰᠣᠷᠭᠠᠭᠤᠯᠢ ︵ᠪᠦᠷᠢᠨ ᠲᠤᠮᠳᠠᠳᠤ ᠰᠣᠷᠭᠠᠭᠤᠯᠢ᠂ ᠲᠤᠮᠳᠠᠳᠤ ᠵᠡᠷᠭᠡ  ᠶᠢᠨ ᠠᠵᠢᠯ

ᠮᠡᠷᠭᠡᠵᠢᠯ ᠤᠨ ᠰᠣᠷᠭᠠᠭᠤᠯᠢ︶ ᠪᠤᠯᠤᠨ ᠰᠣᠷᠤᠯᠭ᠎ᠠ ᠶᠢᠨ ᠨᠠᠮᠳᠠᠷ ᠤᠨ ᠪᠤᠰᠤ ᠰᠤᠷᠭᠠᠨ ᠬᠦᠮᠦᠵᠢᠯ ᠤᠨ

ᠪᠤᠯᠪᠠᠰᠤᠷᠠᠯ ᠤᠨ ᠪᠠᠶᠢᠭᠤᠯᠤᠮᠵᠢ ᠶᠢᠨ ᠵᠦᠪᠰᠢᠶᠡᠷᠡᠯ ᠠᠪᠴᠤ ᠲᠠᠩᠰᠠᠨ ᠳᠤ ᠲᠡᠮᠳᠡᠭᠯᠡᠬᠦ ᠪᠤᠯᠤᠨ ᠬᠠᠮᠢᠶᠠᠷᠬᠤ ᠠᠵᠢᠯ  ᠢ

ᠬᠠᠷᠢᠭᠤᠴᠠᠨ᠎ᠠ᠃

︵ᠵᠢᠷᠭᠤᠭ᠎ᠠ︶ ᠦᠨᠳᠤᠰᠤᠳᠡᠨ ᠤ ᠰᠣᠷᠭᠠᠨ ᠬᠦᠮᠦᠵᠢᠯ ᠤᠨ ᠠᠵᠢᠯ ᠢ ᠵᠤᠬᠢᠴᠠᠭᠤᠯᠤᠨ ᠵᠢᠭᠠᠨ ᠵᠢᠯᠤᠭᠤᠳᠴᠤ᠂

ᠦᠨᠳᠤᠰᠤᠳᠡᠨ ᠤ ᠰᠣᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠭᠦᠯᠦᠯᠳᠡ ᠶᠢᠨ ᠠᠷᠭ᠎ᠠ ᠬᠡᠮᠵᠢᠶ᠎ᠡ ᠶᠢ ᠰᠣᠳᠤᠯᠤᠨ

ᠲᠤᠬᠳᠠᠭᠠᠵᠤ᠂ ᠵᠤᠬᠢᠶᠠᠨ ᠪᠠᠶᠢᠭᠤᠯᠬᠤ ᠶᠢᠨ ᠲᠠᠭᠠᠤ ᠬᠢᠨᠠᠯᠳᠠ ᠲᠠᠯᠪᠢᠨ᠎ᠠ᠃ ᠦᠨᠳᠤᠰᠤᠳᠡᠨ ᠤ ᠰᠣᠷᠭᠠᠨ ᠬᠦᠮᠦᠵᠢᠯ

 ᠤᠨ ᠵᠢᠭᠠᠨ ᠰᠣᠷᠭᠠᠯᠳᠠ᠂ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠳᠠ ᠶᠢ ᠲᠦᠯᠦᠪᠵᠢᠭᠦᠯᠬᠦ ᠪᠠ ᠵᠢᠭᠠᠨ

ᠵᠢᠯᠤᠭᠤᠳᠤᠨ᠎ᠠ᠃ ᠰᠣᠷᠭᠠᠨ ᠬᠦᠮᠦᠵᠢᠯ ᠤᠨ ᠰᠢᠰᠲ᠋ᠧᠮ ᠤᠨ ᠦᠨᠳᠤᠰᠤᠳᠡᠨ ᠤ ᠪᠦᠯᠬᠦᠮᠳᠡᠯ ᠤᠨ ᠰᠣᠷᠭᠠᠨ ᠬᠦᠮᠦᠵᠢᠯ

ᠪᠤᠯᠤᠨ ᠴᠦᠬᠡᠨ ᠲᠤᠭᠠᠳᠤ ᠦᠨᠳᠤᠰᠤᠳᠡᠨ ᠤ ᠦᠬᠡ ᠬᠡᠯᠡ ᠦᠰᠦᠭ ᠪᠢᠴᠢᠭ ᠢ ᠲᠦᠷᠢᠮᠵᠢᠭᠦᠯᠬᠦ ᠠᠵᠢᠯ ᠢ ᠵᠢᠭᠠᠨ

ᠵᠢᠯᠤᠭᠤᠳᠤᠨ᠎ᠠ᠃

︵ᠲᠤᠯᠤᠭ᠎ᠠ︶ ᠰᠣᠷᠭᠠᠨ ᠬᠦᠮᠦᠵᠢᠯ ᠤᠨ ᠠᠵᠢᠯ ᠤᠶᠢᠯᠡᠰ ᠤᠨ ᠲᠤᠭ᠎ᠠ ᠪᠦᠷᠢᠳᠬᠡᠯ ᠰᠢᠨᠵᠢᠯᠡᠭᠡ ᠶᠢ ᠬᠠᠷᠢᠭᠤᠴᠠᠨ᠎ᠠ᠃

ᠲᠤᠰ ᠨᠢᠭᠡᠴᠡ ᠶᠢᠨ ᠰᠣᠷᠭᠠᠨ ᠬᠦᠮᠦᠵᠢᠯ ᠤᠨ ᠪᠡᠯᠡ ᠬᠦᠷᠦᠩᠭᠡ ᠶᠢ ᠨᠢᠭᠡᠳᠦᠯᠳᠡᠢ ᠬᠠᠷᠢᠭᠤᠴᠠᠵᠤ᠂ ᠰᠣᠷᠭᠠᠨ

ᠬᠦᠮᠦᠵᠢᠯ ᠤᠨ ᠪᠡᠯᠡ ᠬᠦᠷᠦᠩᠭᠡ ᠶᠢ ᠪᠦᠷᠢᠳᠬᠡᠨ ᠠᠰᠢᠬᠯᠠᠵᠤ᠂ ᠰᠣᠷᠭᠠᠨ ᠬᠦᠮᠦᠵᠢᠯ  ᠤᠨ ᠪᠡᠯᠡ ᠮᠦᠩᠬᠦ ᠶᠢ

ᠲᠠᠷᠬᠠᠭᠠᠬᠤ᠂ ᠰᠣᠷᠭᠠᠨ ᠬᠦᠮᠦᠵᠢᠯ ᠤᠨ ᠦᠨᠳᠤᠰᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ

ᠲᠦᠯᠦᠪᠵᠢᠭᠦᠯᠦᠯᠭᠡ ᠵᠡᠷᠭᠡ ᠶᠢ ᠬᠠᠮᠳᠤᠷᠠᠨ ᠲᠤᠬᠳᠠᠭᠠᠨ᠎ᠠ᠃ ᠰᠣᠷᠭᠠᠨ ᠬᠦᠮᠦᠵᠢᠯ ᠤᠨ ᠪᠡᠯᠡ ᠮᠦᠩᠬᠦ ᠶᠢ ᠬᠡᠷᠡᠭᠯᠡᠭᠰᠡᠨ

ᠪᠠᠶᠢᠳᠠᠯ ᠢ ᠬᠢᠨᠠᠨ ᠪᠠᠶᠢᠴᠠᠭᠠᠵᠤ᠂ ᠰᠣᠷᠭᠠᠨ ᠬᠦᠮᠦᠵᠢᠯ ᠤᠨ ᠪᠡᠯᠡ ᠮᠦᠩᠬᠦ ᠶᠢ ᠵᠠᠷᠤᠴᠠᠭᠤᠯᠤᠬᠰᠠᠨ ᠪᠠᠶᠢᠳᠠᠯ ᠢ

ᠬᠠᠷᠢᠭᠤᠴᠠᠨ ᠪᠦᠷᠢᠳᠬᠡᠨ᠎ᠡ᠃ ᠬᠠᠮᠢᠶ᠎ᠠ ᠪᠦᠬᠦᠢ ᠲᠤᠬᠳᠠᠭᠠᠯ ᠢᠶᠠᠷ ᠰᠣᠷᠭᠠᠨ ᠬᠦᠮᠦᠵᠢᠯ ᠤᠨ ᠲᠤᠰᠠᠯᠠᠮᠵᠢ ᠪᠠ

ᠰᠣᠷᠭᠠᠨ ᠬᠦᠮᠦᠵᠢᠯ ᠤᠨ ᠵᠢᠭᠡᠯᠡᠯᠭᠡ ᠶᠢ ᠲᠠᠩᠰᠠᠯᠠᠨ ᠬᠠᠷᠢᠭᠤᠴᠠᠨ᠎ᠠ᠃

︵ᠨᠠᠢᠮᠠ︶ ᠪᠦᠬᠦ ᠬᠤᠰᠢᠭᠤᠨ ᠤ ᠪᠠᠭᠰᠢ ᠶᠢᠨ ᠠᠵᠢᠯ ᠢ ᠬᠠᠷᠢᠭᠤᠴᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ

ᠵᠠᠬᠢᠷᠤᠯ ᠪᠤᠯᠤᠨ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠺᠠᠲᠠᠷ ᠤᠨ ᠡᠩᠨᠡᠭᠡᠨ ᠤ ᠪᠦᠳᠦᠭᠡᠨ ᠪᠠᠶᠢᠭᠤᠯᠤᠯᠳᠠ

 ᠶᠢᠨ ᠠᠵᠢᠯ ᠢ ᠵᠢᠭᠠᠨ ᠵᠢᠯᠤᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ ᠱᠠᠳᠤᠨ ᠤ ᠡᠯ᠎ᠡ

ᠲᠦᠷᠦᠯ ᠤᠨ ᠰᠣᠷᠭᠠᠭᠤᠯᠢ ᠶᠢᠨ ᠪᠠᠭᠰᠢ ᠠᠵᠢᠯᠳᠠᠨ ᠤ ᠤᠷᠤᠨ ᠲᠤᠭ᠎ᠠ ᠶᠢ ᠨᠠᠶᠢᠳᠠᠪᠤᠷᠢᠵᠢᠭᠤᠯᠤᠨ᠎ᠠ᠃ ᠪᠠᠭᠰᠢ  ᠶᠢᠨ

ᠮᠡᠷᠭᠡᠵᠢᠯ ᠤᠨ ᠴᠤᠯᠠ ᠶᠢ ᠬᠢᠨᠠᠨ ᠲᠤᠬᠳᠠᠭᠠᠬᠤ ᠪᠠ ᠪᠠᠭᠰᠢ ᠠᠵᠢᠯᠳᠠᠨ ᠢ ᠱᠠᠩᠨᠠᠨ ᠬᠦᠬᠢᠬᠦᠯᠬᠦ ᠠᠵᠢᠯ ᠢ ᠵᠢᠭᠠᠨ

ᠵᠢᠯᠤᠭᠤᠳᠬᠤ ᠪᠠ ᠬᠠᠷᠢᠭᠤᠴᠠᠨ᠎ᠠ᠃ ᠬᠠᠮᠢᠶ᠎ᠠ ᠪᠦᠬᠦᠢ ᠲᠦᠷᠢᠮ ᠲᠤᠬᠳᠠᠭᠠᠯ ᠢᠶᠠᠷ ᠬᠤᠰᠢᠭᠤ ᠰᠢᠭᠤᠳ ᠬᠠᠷᠢᠶ᠎ᠠ

ᠪᠠᠶᠢᠭᠤᠯᠤᠮᠵᠢ ᠶᠢᠨ ᠺᠠᠲᠠᠷ ᠤᠨ ᠠᠵᠢᠯ ᠢ ᠬᠠᠮᠢᠶᠠᠷᠤᠨ᠎ᠠ᠃ ᠪᠠᠭᠰᠢ ᠶᠢᠨ ᠰᠣᠷᠭᠠᠭᠤᠯᠢ ᠠᠴᠠ ᠲᠡᠭᠦᠰᠦᠭᠰᠡᠨ

ᠰᠣᠷᠤᠬᠴᠢ ᠳᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠲᠤᠬᠳᠠᠭᠠᠬᠤ ᠠᠵᠢᠯ ᠳᠤ ᠵᠦᠪᠯᠡᠯᠭᠡ ᠦᠭᠭᠦᠨ᠎ᠡ᠃

︵ᠶᠢᠰᠤ︶ ᠪᠦᠬᠦ ᠬᠤᠰᠢᠭᠤᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠤᠨ ᠰᠣᠷᠤᠬᠴᠢ ᠡᠯᠰᠡᠬᠦ ᠰᠢᠯᠭᠠᠯᠳᠠ  ᠶᠢ

ᠵᠤᠬᠢᠶᠠᠨ ᠪᠠᠶᠢᠭᠤᠯᠵᠤ᠂ ᠲᠡᠭᠡᠳᠤ ᠲᠤᠮᠳᠠᠳᠤ ᠶᠢᠨ ᠱᠠᠳᠤᠨ ᠤ ᠰᠣᠷᠭᠠᠨ ᠬᠦᠮᠦᠵᠢᠯ ᠤᠨ ᠰᠣᠷᠤᠬᠴᠢ ᠡᠯᠰᠡᠬᠦ ᠠᠵᠢᠯ ᠢ

ᠬᠠᠷᠢᠭᠤᠴᠠᠨ᠎ᠠ᠃ ᠪᠦᠬᠦ ᠬᠤᠰᠢᠭᠤᠨ ᠤ ᠰᠣᠷᠭᠠᠨ ᠬᠦᠮᠦᠵᠢᠯ ᠪᠤᠯᠤᠨ ᠵᠢᠭᠠᠨ ᠰᠣᠷᠭᠠᠯᠳᠠ ᠶᠢᠨ ᠰᠣᠳᠤᠯᠭᠠᠨ᠂

ᠴᠠᠬᠢᠯᠭᠠᠨᠵᠢᠬᠰᠠᠨ ᠰᠣᠷᠭᠠᠨ ᠬᠦᠮᠦᠵᠢᠯ᠂ ᠵᠠᠩᠭᠢ ᠶᠢᠨ ᠰᠣᠷᠭᠠᠨ ᠬᠦᠮᠦᠵᠢᠯ᠂ ᠰᠣᠷᠭᠠᠨ ᠬᠦᠮᠦᠵᠢᠯ  ᠤᠨ ᠲᠤᠨᠤᠭ

ᠲᠦᠭᠦᠭᠡᠷᠦᠮᠵᠢ ᠶᠢᠨ ᠠᠵᠢᠯ ᠢ ᠵᠢᠭᠠᠨ ᠵᠢᠯᠤᠭᠤᠳᠤᠨ᠎ᠠ᠃ ᠪᠦᠬᠦ ᠬᠤᠰᠢᠭᠤᠨ ᠤ ᠰᠣᠷᠭᠠᠨ ᠬᠦᠮᠦᠵᠢᠯ  ᠤᠨ

ᠨᠡᠶᠢᠭᠡᠮᠯᠢᠭ ᠤᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠲᠡᠳᠬᠦᠮᠵᠢ ᠶᠢᠨ

ᠠᠵᠢᠯ ᠢ ᠬᠠᠷᠢᠭᠤᠴᠠᠨ᠎ᠠ᠃ ᠲᠦᠪ᠂ ᠤᠷᠤᠨ ᠪᠤᠯᠤᠨ ᠠᠶᠢᠮᠠᠭ ᠤᠨ ᠲᠤᠬᠳᠠᠭᠠᠬᠰᠠᠨ ᠡᠯ᠎ᠡ ᠲᠦᠷᠦᠯ ᠤᠨ ᠰᠣᠷᠤᠬᠴᠢ

 ᠶᠢᠨ ᠲᠡᠳᠭᠦᠮᠵᠢ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃

︵ᠠᠷᠪᠠ︶ ᠪᠦᠬᠦ ᠬᠤᠰᠢᠭᠤᠨ ᠤ ᠰᠣᠷᠭᠠᠨ ᠬᠦᠮᠦᠵᠢᠯ ᠳᠤ ᠬᠤᠯᠪᠤᠬᠳᠠᠬᠤ ᠤᠯᠠᠨ ᠤᠯᠤᠰ ᠤᠨ ᠬᠤᠭᠤᠷᠤᠨᠳᠤᠬᠢ

ᠰᠤᠯᠢᠯᠴᠠᠭ᠎ᠠ ᠬᠠᠮᠵᠢᠯᠴᠠᠭ᠎ᠠ ᠪᠤᠯᠤᠨ ᠤᠬᠠᠭᠤᠯᠬᠤ ᠠᠵᠢᠯ ᠢ ᠵᠤᠬᠢᠶᠠᠨ ᠪᠠᠶᠢᠭᠤᠯᠵᠤ ᠵᠢᠭᠠᠨ ᠵᠢᠯᠤᠭᠤᠳᠤᠨ᠎ᠠ᠃

︵ᠠᠷᠪᠠᠨ ᠨᠢᠭᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ᠂ ᠲᠦᠷᠦ ᠶᠢᠨ

ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠬᠢᠳᠠᠳ ᠦᠭᠡ ᠬᠡᠯᠡ ᠦᠰᠦᠭ

ᠪᠢᠴᠢᠭ ᠤᠨ ᠠᠵᠢᠯ ᠤᠨ ᠲᠤᠮᠳᠠ᠂ ᠤᠷᠳᠤ ᠬᠤᠭᠤᠴᠠᠭᠠᠨ ᠤ ᠲᠦᠯᠦᠪᠯᠡᠭᠡ ᠶᠢ ᠲᠤᠬᠳᠠᠭᠠᠵᠤ᠂ ᠡᠯ᠎ᠡ ᠰᠠᠯᠠᠭ᠎ᠠ

ᠮᠦᠴᠢᠷ᠂ ᠠᠵᠢᠯ ᠲᠦᠷᠦᠯ ᠤᠨ ᠬᠢᠳᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠤᠬᠢᠴᠠᠭᠤᠯᠤᠨ ᠵᠢᠯᠤᠭᠤᠳᠬᠤ

ᠪᠠ ᠬᠢᠨᠠᠨ ᠪᠠᠶᠢᠴᠠᠭᠠᠨ᠎ᠠ᠃ ᠪᠠᠷᠢᠮᠵᠢᠶ᠎ᠠ ᠠᠶᠠᠯᠭᠤ ᠶᠢ ᠲᠦᠭᠡᠮᠡᠯᠵᠢᠭᠦᠯᠬᠦ ᠪᠠ ᠪᠠᠷᠢᠮᠵᠢᠶ᠎ᠠ ᠠᠶᠠᠯᠭᠤᠨ ᠤ ᠪᠠᠭᠰᠢ ᠶᠢᠨ

ᠪᠤᠯᠪᠠᠰᠤᠷᠠᠯ ᠤᠨ ᠠᠵᠢᠯ ᠢ ᠵᠢᠭᠠᠨ ᠵᠢᠯᠤᠭᠤᠳᠤᠨ᠎ᠠ᠃

︵ᠠᠷᠪᠠᠨ ᠬᠤᠶᠠᠷ︶ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠬᠠᠤᠯᠢ ᠶᠢᠨ ᠪᠦᠳᠦᠭᠡᠨ ᠪᠠᠶᠢᠭᠤᠯᠤᠯᠳᠠ  ᠶᠢ

ᠵᠢᠭᠠᠨ ᠵᠢᠯᠤᠭᠤᠳᠤᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠰᠣᠷᠭᠠᠨ ᠬᠦᠮᠦᠵᠢᠯ ᠤᠨ ᠬᠠᠤᠯᠢ

ᠬᠡᠷᠡᠭᠵᠢᠭᠦᠯᠦᠯᠳᠡ ᠳᠤ ᠬᠢᠨᠠᠯᠳᠠ ᠲᠠᠯᠪᠢᠵᠤ᠂ ᠲᠤᠳᠤᠭᠠᠳᠤ ᠳᠠᠭᠠᠨ ᠬᠢᠨᠠᠨ ᠪᠤᠳᠤᠬᠤ᠂ ᠵᠠᠰᠠᠭ ᠵᠠᠬᠢᠷᠭᠠᠨ ᠤ ᠲᠠᠬᠢᠨ

ᠵᠦᠪᠯᠡᠬᠦ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ

ᠰᠣᠷᠳᠠᠯ ᠤᠨ ᠠᠷᠢᠭᠤᠨ ᠴᠢᠭᠡᠴᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃

︵ᠠᠷᠪᠠᠨ ᠭᠤᠷᠪᠠ︶ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ ᠤᠨ ᠠᠮᠤᠷ ᠲᠦᠪᠰᠢᠨ  ᠢ

ᠪᠠᠳᠤᠯᠠᠬᠤ ᠲᠦᠷᠢᠮ ᠲᠤᠬᠳᠠᠭᠠᠯ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠳᠬᠡᠯ ᠲᠦᠰᠦᠪ ᠢ ᠲᠦᠷᠢᠮᠵᠢᠭᠦᠯᠵᠤ᠂

ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠰᠢᠰᠲ᠋ᠧᠮ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠵᠢᠭᠠᠨ

ᠵᠢᠯᠤᠭᠤᠳᠴᠤ᠂ ᠰᠣᠷᠭᠠᠭᠤᠯᠢ ᠶᠢᠨ ᠠᠮᠤᠷ ᠲᠦᠪᠰᠢᠨ ᠤ ᠰᠣᠷᠳᠠᠯᠴᠢᠯᠠᠭ᠎ᠠ ᠪᠠ ᠬᠦᠳᠦᠯᠪᠦᠷᠢ ᠠᠵᠢᠯᠯᠠᠭ᠎ᠠ ᠶᠢ

ᠦᠷᠨᠢᠭᠦᠯᠵᠤ᠂ ᠪᠦᠬᠦ ᠬᠤᠰᠢᠭᠤᠨ ᠤ ᠲᠤᠮᠳᠠᠳᠤ ᠪᠠᠭ᠎ᠠ ᠰᠣᠷᠭᠠᠭᠤᠯᠢ᠂ ᠴᠡᠴᠡᠷᠯᠢᠭ ᠤᠨ ᠠᠮᠤᠷ ᠲᠦᠪᠰᠢᠨ ᠤ

ᠬᠠᠮᠢᠶᠠᠷᠤᠯᠳᠠ ᠶᠢᠨ ᠠᠵᠢᠯ ᠢ ᠵᠢᠭᠠᠨ ᠵᠢᠯᠤᠭᠤᠳᠴᠤ᠂ ᠬᠢᠨᠠᠯᠳᠠ ᠲᠠᠯᠪᠢᠨ᠂ ᠪᠠᠶᠢᠴᠠᠭᠠᠯᠳᠠ ᠦᠭᠴᠦ᠂ ᠰᠢᠯᠭᠠᠨ

ᠦᠨᠡᠯᠡᠨ᠎ᠡ᠃ ᠰᠣᠷᠭᠠᠭᠤᠯᠢ ᠶᠢᠨ ᠠᠮᠤᠷ ᠲᠦᠪᠰᠢᠨ ᠳᠤ ᠭᠠᠷᠴᠤ ᠮᠡᠳᠡᠬᠦ ᠭᠡᠮ ᠰᠣᠭᠤᠭ ᠢ ᠰᠢᠯᠭᠠᠨ ᠪᠠᠶᠢᠴᠠᠭᠠᠬᠤ ᠪᠠ

ᠬᠠᠯᠠᠨ ᠰᠠᠶᠢᠵᠢᠷᠠᠭᠤᠯᠵᠤ᠂ ᠰᠣᠷᠭᠠᠭᠤᠯᠢ ᠶᠢᠨ ᠠᠮᠤᠷ ᠲᠦᠪᠰᠢᠨ ᠳᠤ ᠬᠤᠯᠪᠤᠬᠳᠠᠬᠰᠠᠨ ᠬᠠᠷᠢᠭᠤᠴᠠᠯᠭ᠎ᠠ ᠠᠯᠳᠠᠬᠰᠠᠨ

ᠬᠡᠷᠡᠭ ᠤᠴᠢᠷ ᠲᠤ ᠰᠢᠢᠳᠪᠦᠷᠢ ᠭᠠᠷᠭᠠᠵᠤ᠂ ᠰᠣᠷᠤᠬᠴᠢ ᠶᠢ ᠲᠤᠰᠴᠤ ᠬᠦᠷᠭᠡᠬᠦ ᠲᠡᠷᠭᠡ ᠤᠨᠤᠭᠠᠨ ᠤ ᠬᠠᠮᠢᠶᠠᠷᠤᠯᠳᠠ᠂

ᠰᠣᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠢ ᠪᠠᠳᠤᠯᠠᠬᠤ᠂ ᠰᠣᠷᠭᠠᠭᠤᠯᠢ ᠶᠢᠨ ᠬᠦᠷᠢᠶᠠᠨ ᠤ ᠭᠠᠯ ᠤᠨ

ᠠᠶᠤᠯ ᠢ ᠰᠡᠷᠭᠡᠶᠢᠯᠡᠬᠦ ᠵᠢᠴᠢ ᠰᠣᠷᠭᠠᠭᠤᠯᠢ ᠶᠢᠨ ᠤᠶᠢᠷ᠎ᠠ ᠬᠠᠪᠢ ᠶᠢᠨ ᠤᠷᠴᠢᠨ ᠲᠤᠭᠤᠷᠢᠨ ᠢ ᠶᠠᠷᠦᠩᠬᠡᠶᠢᠯᠡᠨ ᠵᠠᠰᠠᠬᠤ

ᠵᠡᠷᠭᠡ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃

︵ᠠᠷᠪᠠᠨ ᠲᠦᠷᠪᠡ︶ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠰᠣᠷᠭᠠᠨ ᠬᠦᠮᠦᠵᠢᠯ ᠤᠨ ᠲᠤᠰᠢᠶᠠᠬᠰᠠᠨ

ᠠᠵᠢᠯ ᠢ ᠬᠠᠷᠢᠭᠤᠴᠠᠨ ᠭᠦᠢᠴᠡᠳᠬᠡᠨ᠎ᠡ᠃

 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号