ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠬᠦᠮᠤᠨ ᠤ ᠬᠦᠴᠦᠨ ᠤ ᠡᠬᠢ ᠪᠠᠶᠠᠯᠢᠭ ᠪᠠ ᠨᠠᠶᠢᠬᠡᠮ ᠤᠨ | ᠪᠠᠳᠤᠯᠠᠭ᠎ᠠ ᠶᠢᠨ ᠲᠤᠪᠴᠢᠶ᠎ᠠ | | ᠭᠤᠤᠯ ᠡᠭᠦᠷᠬᠡ ᠬᠠᠷᠢᠭᠤᠴᠠᠯᠭ᠎ᠠ | ︵ᠨᠢᠬᠡ︶ ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠬᠡᠮ ᠶᠢᠨ ᠪᠠᠳᠤᠯᠠᠭ᠎ᠠ ᠶᠢᠨ ᠠᠵᠢᠯ ᠤᠨ ᠲᠤᠬᠠᠢ ᠲᠦᠯᠦᠪᠯᠡᠭᠡ᠂ ᠲᠤᠭᠳᠠᠭᠠᠯ ᠢ ᠨᠠᠶᠢᠳᠠᠪᠤᠷᠢᠵᠢᠭᠤᠯᠤᠨ | ᠬᠡᠷᠡᠭᠵᠢᠬᠦᠯᠦᠨ᠎ᠡ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠠᠵᠢᠯ ᠤᠨ ᠬᠠᠮᠢᠶ᠎ᠠ | ᠪᠦᠭᠦᠢ ᠲᠦᠷᠢᠮ ᠲᠤᠭᠳᠠᠭᠠᠯ᠂ ᠠᠷᠭ᠎ᠠ ᠬᠡᠮᠵᠢᠶ᠎ᠡ ᠶᠢ ᠨᠤᠤᠷᠠᠭᠯᠠᠨ ᠲᠤᠭᠳᠠᠭᠠᠵᠤ᠂ ᠬᠠᠷᠢᠭᠤᠴᠠᠨ ᠬᠡᠷᠡᠭᠵᠢᠭᠦᠯᠵᠤ᠂ | ᠬᠢᠨᠠᠨ ᠪᠠᠶᠢᠴᠠᠭᠠᠨ᠎ᠠ᠃ | ︵ᠬᠤᠶᠠᠷ︶ ᠪᠦᠭᠦ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠢ ᠨᠡᠬᠡᠬᠡᠨ ᠬᠦᠭᠵᠢᠭᠦᠯᠭᠦ ᠲᠦᠯᠦᠪᠯᠡᠭᠡ᠂ | ᠲᠦᠷᠢᠮ ᠲᠤᠭᠳᠠᠭᠠᠯ ᠢ ᠨᠤᠤᠷᠠᠭᠯᠠᠨ ᠲᠤᠭᠳᠠᠭᠠᠵᠤ᠂ ᠴᠢᠳᠠᠪᠤᠷᠢᠳᠠᠨ ᠤ ᠪᠠᠶᠢᠯᠳᠤᠬᠤ ᠪᠤᠳᠤᠯᠭ᠎ᠠ ᠶᠢ ᠲᠦᠯᠬᠢᠨ | ᠬᠡᠷᠡᠭᠵᠢᠭᠦᠯᠵᠤ᠂ ᠴᠢᠳᠠᠪᠦᠷᠢᠳᠠᠨ ᠨᠦᠬᠡᠴᠡᠯᠡᠭᠦ ᠲᠦᠷᠢᠮ ᠲᠤᠭᠳᠠᠭᠠᠯ ᠢ ᠲᠡᠭᠦᠯᠳᠡᠷᠵᠢᠭᠦᠯᠦᠨ᠎ᠡ᠃ ᠪᠦᠭᠦ ᠬᠤᠰᠢᠭᠤᠨ ᠤ | ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠬᠡᠬᠦᠷ ᠪᠠ ᠬᠦᠮᠦᠨ ᠤ ᠬᠦᠴᠦᠨ ᠤ ᠡᠬᠢ ᠪᠠᠶᠠᠯᠢᠭ ᠤᠨ | ᠰᠢᠯᠵᠢᠯᠳᠠ ᠶᠢᠨ ᠲᠦᠷᠢᠮ ᠲᠤᠭᠳᠠᠭᠠᠯ ᠢ ᠨᠤᠤᠷᠠᠭᠯᠠᠨ ᠲᠤᠭᠳᠠᠭᠠᠵᠤ᠂ ᠬᠠᠷᠢᠭᠤᠴᠠᠨ ᠬᠡᠷᠡᠭᠵᠢᠭᠦᠯᠦᠨ᠎ᠡ᠃ ᠪᠦᠭᠦ | ᠬᠤᠰᠢᠭᠤᠨ ᠢ ᠬᠠᠮᠤᠷᠤᠭᠰᠠᠨ ᠬᠦᠮᠦᠨ ᠤ ᠬᠦᠴᠦᠨ ᠤ ᠡᠬᠢ ᠪᠠᠶᠠᠯᠢᠭ ᠤᠨ ᠲᠦᠷᠢᠮᠵᠢᠭᠰᠡᠨ ᠵᠠᠬ᠎ᠠ ᠲᠡᠯᠬᠡᠬᠦᠷ ᠢ | ᠪᠠᠶᠢᠭᠤᠯᠵᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠤᠬᠢᠰᠳᠠᠢ ᠰᠢᠯᠵᠢᠭᠦ᠂ ᠲᠤᠬᠢᠷᠠᠭᠤᠯᠬᠤ ᠶᠢ | ᠲᠦᠯᠬᠢᠨ ᠠᠬᠢᠭᠤᠯᠤᠨ᠎ᠠ᠃ | ︵ᠭᠤᠷᠪᠠ︶ ᠪᠦᠭᠦ ᠬᠤᠰᠢᠭᠤᠨ ᠤ ᠬᠤᠳᠠ ᠪᠠᠯᠭᠠᠰᠤ ᠶᠢᠨ ᠨᠢᠬᠡᠳᠦᠯᠳᠠᠢ ᠠᠵᠢᠯ ᠤᠯᠭᠤᠬᠤ ᠬᠦᠭᠵᠢᠯᠳᠡ ᠶᠢᠨ | ᠲᠦᠯᠦᠪᠯᠡᠭᠡ ᠪᠠ ᠲᠦᠷᠢᠮ ᠲᠤᠭᠳᠠᠭᠠᠯ ᠢ ᠨᠤᠤᠷᠠᠭᠯᠠᠨ ᠲᠤᠭᠳᠠᠭᠠᠵᠤ᠂ ᠨᠠᠶᠢᠬᠡᠮ ᠨᠠᠶᠢᠳᠠ ᠶᠢᠨ ᠠᠵᠢᠯ ᠤᠯᠭᠤᠬᠤ | ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠤᠯᠭᠤᠬᠤ ᠶᠢ ᠲᠤᠰᠠᠯᠠᠬᠤ ᠲᠦᠷᠢᠮ ᠢ | ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠠᠵᠢᠯ ᠮᠠᠷᠬᠡᠵᠢᠯ ᠤᠨ ᠬᠢᠷᠢ ᠬᠡᠮ ᠤᠨ ᠲᠤᠬᠠᠢ ᠬᠠᠮᠢᠶ᠎ᠠ ᠪᠦᠬᠦᠢ ᠲᠦᠷᠢᠮ | ᠲᠤᠭᠳᠠᠭᠠᠯ ᠢ ᠨᠤᠤᠷᠠᠭᠯᠠᠨ ᠲᠤᠭᠳᠠᠭᠠᠵᠤ᠂ ᠬᠤᠳᠠ ᠪᠠᠯᠭᠠᠰᠤᠨ ᠤ ᠬᠦᠳᠡᠯᠮᠦᠷᠢᠴᠢᠳ ᠳᠤ ᠬᠠᠨᠳᠤᠭᠤᠯᠤᠭᠰᠠᠨ ᠠᠵᠢᠯ | ᠮᠡᠷᠬᠡᠵᠢᠯ ᠪᠠ ᠦᠢᠯᠡᠰ ᠪᠦᠳᠦᠬᠡᠬᠦ ᠲᠤᠬᠠᠢ ᠪᠤᠯᠪᠠᠰᠤᠷᠠᠯ ᠤᠨ ᠲᠦᠷᠢᠮ ᠢ ᠪᠠᠶᠢᠭᠤᠯᠤᠨ᠎ᠠ᠃ ᠶᠡᠭᠡ ᠰᠤᠷᠭᠠᠭᠤᠯᠢ ᠶᠢᠨ | ᠤᠶᠤᠳᠠᠳ ᠤᠨ ᠠᠵᠢᠯ ᠤᠯᠭᠤᠬᠤ ᠲᠦᠷᠢᠮ ᠲᠤᠭᠳᠠᠭᠠᠯ ᠢ ᠨᠤᠤᠷᠠᠭᠯᠠᠨ ᠲᠤᠭᠳᠠᠭᠠᠵᠤ᠂ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠬᠠᠮᠳᠤᠷᠠᠨ ᠤᠶᠤᠳᠠᠳ ᠤᠨ ᠰᠤᠷᠭᠠᠭᠤᠯᠢ ᠲᠡᠭᠦᠰᠦᠭᠰᠡᠨ ᠤ ᠲᠠᠷᠠᠭᠠᠬᠢ ᠵᠢᠭᠠᠨ ᠵᠢᠯᠤᠭᠤᠳᠬᠤ | ᠦᠢᠯᠡᠴᠢᠯᠡᠬᠡᠨ ᠤ ᠠᠵᠢᠯ ᠢ ᠦᠷᠨᠢᠭᠦᠯᠦᠨ᠎ᠡ᠃ ᠬᠠᠮᠢᠶ᠎ᠠ ᠪᠦᠭᠦᠢ ᠪᠠᠶᠢᠭᠤᠯᠤᠯᠭ᠎ᠠ ᠲᠠᠢ ᠬᠠᠮᠳᠤᠷᠠᠨ ᠡᠯ᠎ᠡ ᠲᠦᠷᠦᠯ ᠤᠨ | ᠴᠢᠳᠠᠪᠤᠷᠢᠳᠠᠨ ᠢ ᠪᠤᠶᠢᠵᠢᠭᠤᠯᠬᠤ᠂ ᠲᠠᠨᠢᠯᠴᠠᠭᠤᠯᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠦᠷᠢᠮ ᠲᠤᠭᠳᠠᠭᠠᠯ | ᠢ ᠨᠤᠤᠷᠠᠭᠯᠠᠨ ᠲᠤᠭᠳᠠᠭᠠᠨ᠎ᠠ᠃ | ︵ᠲᠦᠷᠪᠡ︶ ᠪᠦᠭᠦ ᠬᠤᠰᠢᠭᠤᠨ ᠤ ᠬᠤᠳᠠ ᠪᠠᠯᠭᠠᠰᠤ ᠶᠢ ᠬᠠᠮᠤᠷᠤᠭᠰᠠᠨ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ | ᠪᠠᠶᠢᠭᠤᠯᠵᠤ᠂ ᠬᠤᠳᠠ ᠪᠠᠯᠭᠠᠰᠤᠨ ᠤ ᠨᠠᠶᠢᠭᠡᠮ ᠤᠨ ᠪᠠᠳᠤᠯᠠᠭ᠎ᠠ ᠵᠢᠴᠢ ᠬᠠᠮᠢᠶ᠎ᠠ ᠪᠦᠬᠦᠢ ᠲᠦᠷᠢᠮ ᠲᠤᠭᠳᠠᠭᠠᠯ᠂ | ᠪᠠᠷᠢᠮᠵᠢᠶ᠎ᠡ ᠢ ᠨᠤᠤᠷᠠᠭᠯᠠᠨ ᠲᠤᠭᠳᠠᠭᠠᠨ ᠬᠡᠷᠡᠭᠵᠢᠭᠦᠯᠵᠤ᠂ ᠪᠦᠬᠦ ᠬᠤᠰᠢᠭᠤᠨ ᠤ ᠨᠠᠶᠢᠬᠡᠮ ᠤᠨ ᠲᠠᠭᠠᠳᠬᠠᠯ ᠤᠨ | ᠰᠠᠭᠤᠷᠢ ᠮᠦᠩᠭᠦ ᠶᠢᠨ ᠲᠦᠰᠦᠪ᠂ ᠲᠦᠰᠦᠪ ᠤᠨ ᠬᠦᠴᠡᠳᠬᠡᠯ ᠤᠨ ᠡᠬᠡ ᠨᠤᠤᠷᠠᠭ ᠢ ᠲᠤᠭᠤᠷᠪᠢᠨ ᠪᠢᠴᠢᠨ᠎ᠠ᠃ | ︵ᠲᠠᠪᠤ︶ ᠪᠦᠬᠦ ᠬᠤᠰᠢᠭᠤᠨ ᠤ ᠠᠵᠢᠯ ᠤᠯᠭᠤᠬᠤ᠂ ᠠᠵᠢᠯ ᠠᠯᠳᠠᠬᠤ᠂ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠭᠦ ᠶᠢᠨ ᠲᠤᠬᠠᠢ ᠤᠷᠢᠳᠴᠢᠯᠠᠨ ᠲᠦᠰᠦᠬᠡᠯᠡᠬᠦ᠂ ᠤᠷᠢᠳᠴᠢᠯᠠᠨ ᠰᠡᠷᠡᠮᠵᠢᠯᠡᠬᠦ ᠪᠠ ᠴᠢᠮᠡᠭᠡ ᠵᠠᠩᠬᠢ ᠶᠢ ᠬᠦᠳᠦᠯᠦᠨ | ᠵᠢᠯᠤᠭᠤᠳᠬᠤ ᠠᠵᠢᠯ ᠢ ᠬᠠᠷᠢᠭᠤᠴᠠᠵᠤ᠂ ᠰᠢᠢᠳᠪᠦᠷᠢᠯᠡᠭᠦ ᠠᠷᠭ᠎ᠠ ᠬᠡᠮᠵᠢᠶ᠎ᠡ ᠶᠢ ᠨᠤᠤᠷᠠᠭᠯᠠᠨ ᠲᠤᠭᠳᠠᠭᠠᠵᠤ᠂ | ᠰᠡᠷᠬᠡᠶᠢᠯᠡᠨ ᠲᠤᠬᠢᠷᠠᠭᠤᠯᠬᠤ ᠪᠠ ᠡᠵᠡᠮᠰᠢᠵᠤ᠂ ᠠᠵᠢᠯ ᠤᠯᠭᠤᠬᠤ ᠪᠠᠶᠢᠳᠠᠯ ᠤᠨ ᠲᠤᠭᠳᠠᠪᠤᠷᠢᠳᠠᠢ ᠪᠠᠶᠢᠬᠤ ᠪᠠ | ᠨᠠᠶᠢᠬᠡᠮ ᠤᠨ ᠲᠠᠭᠠᠳᠬᠠᠯ ᠤᠨ ᠰᠠᠭᠤᠷᠢ ᠮᠦᠩᠭᠦ ᠤᠨ ᠤᠷᠤᠯᠭ᠎ᠠ ᠵᠠᠷᠤᠯᠭ᠎ᠠ ᠲᠠᠩᠴᠡᠭᠦᠷᠢ ᠲᠠᠢ ᠪᠠᠶᠢᠬᠤ ᠶᠢ | ᠪᠠᠳᠤᠯᠠᠨ᠎ᠠ᠃ | ︵ᠵᠢᠷᠭᠤᠭ᠎ᠠ︶ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ᠂ ᠠᠯᠪᠠᠨ ᠪᠠᠶᠢᠭᠤᠯᠤᠯᠭ᠎ᠠ᠂ ᠠᠵᠢᠯ ᠦᠢᠯᠡᠰ | ᠤᠨ ᠨᠢᠬᠡᠴᠡ ᠶᠢᠨ ᠠᠵᠢᠯᠳᠠᠨ ᠤ ᠴᠠᠯᠢᠩ ᠬᠦᠯᠦᠰᠦ ᠶᠢ ᠬᠤᠪᠢᠶᠠᠷᠢᠯᠠᠬᠤ ᠲᠦᠷᠢᠮ ᠲᠤᠭᠳᠠᠭᠠᠯ ᠢ | ᠨᠠᠶᠢᠳᠠᠪᠤᠷᠢᠵᠢᠭᠤᠯᠵᠤ᠂ ᠠᠵᠢᠯᠳᠠᠨ ᠤ ᠴᠠᠯᠢᠩ ᠬᠦᠯᠦᠰᠦ ᠶᠢᠨ ᠬᠡᠪ ᠢᠶᠠᠷ ᠨᠡᠮᠡᠭᠳᠡᠬᠦ ᠪᠡ ᠴᠠᠯᠢᠩ ᠬᠦᠯᠦᠰᠦ ᠶᠢᠨ | ᠪᠠᠳᠤᠯᠠᠭ᠎ᠠ ᠶᠢᠨ ᠲᠦᠷᠢᠮ ᠢ ᠪᠠᠶᠢᠭᠤᠯᠤᠨ᠎ᠠ᠃ ᠪᠦᠭᠦ ᠬᠤᠰᠢᠭᠤᠨ ᠤ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ | ᠨᠢᠬᠡᠴᠡ ᠶᠢᠨ ᠴᠠᠯᠢᠩ ᠬᠦᠯᠦᠰᠦ ᠠᠰᠠᠷᠠᠮᠵᠢ ᠪᠠ ᠠᠵᠢᠯᠳᠠᠨ ᠤ ᠳᠡᠳᠬᠦᠪᠦᠷᠢ ᠳᠤ ᠭᠠᠷᠬᠤ ᠠᠵᠢᠯ ᠢ ᠶᠡᠷᠦᠩᠬᠡᠶᠢᠯᠠᠨ | ᠬᠠᠮᠢᠶᠠᠷᠴᠦ᠂ ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠠᠵᠢᠯᠳᠡᠨ ᠤ ᠠᠰᠠᠷᠠᠮᠵᠢ ᠪᠠ ᠳᠡᠳᠬᠦᠪᠦᠷᠢ | ᠳᠤ ᠭᠠᠷᠬᠤ ᠲᠤᠬᠠᠢ ᠲᠦᠷᠢᠮ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠲᠤᠯᠤᠭ᠎ᠠ︶ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠦᠭᠦ ᠬᠤᠰᠢᠭᠤᠨ ᠤ ᠠᠵᠢᠯ ᠦᠢᠯᠡᠰ ᠤᠨ | ᠨᠢᠬᠡᠴᠡ ᠶᠢᠨ ᠠᠵᠢᠯᠳᠠᠨ ᠤ ᠶᠠᠪᠤᠳᠠᠯ ᠤᠨ ᠲᠦᠷᠢᠮ ᠲᠤᠭᠳᠠᠭᠠᠯ ᠤᠨ ᠦᠬᠡᠷᠡᠴᠢᠯᠡᠯᠳᠡ ᠶᠢ ᠵᠢᠭᠠᠨ ᠵᠢᠯᠤᠭᠤᠳᠤᠨ᠎ᠠ᠃ | ᠠᠵᠢᠯ ᠦᠢᠯᠡᠰ ᠤᠨ ᠨᠢᠬᠡᠴᠡ ᠶᠢᠨ ᠠᠵᠢᠯᠳᠠᠨ᠂ ᠠᠯᠪᠠᠨ ᠪᠠᠶᠢᠭᠤᠯᠤᠯᠭ᠎ᠠ ᠶᠢᠨ ᠠᠵᠢᠯᠴᠢᠨ᠂ ᠠᠵᠢᠯ ᠦᠢᠯᠡᠰ ᠤᠨ | ᠨᠢᠬᠡᠴᠡ ᠶᠢᠨ ᠠᠵᠢᠯᠴᠢᠨ ᠤ ᠬᠠᠮᠢᠶᠠᠷᠤᠯᠳᠠ ᠶᠢᠨ ᠲᠦᠷᠢᠮ ᠳᠣᠭᠳᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | ᠲᠤᠰᠬᠠᠢ ᠮᠡᠷᠬᠡᠵᠢᠯ ᠤᠨ ᠠᠵᠢᠯᠳᠠᠨ ᠤ ᠬᠠᠮᠢᠶᠠᠷᠤᠯᠳᠠ ᠪᠠ ᠦᠷᠬᠦᠯᠵᠢᠯᠡᠨ ᠰᠤᠷᠭᠠᠨ ᠬᠦᠮᠦᠵᠢᠭᠦᠯᠭᠦ ᠲᠦᠷᠢᠮ | ᠲᠤᠭᠳᠠᠭᠠᠯ ᠢ ᠲᠤᠤᠱᠯᠠᠭᠤᠯᠵᠤ᠂ ᠦᠨᠳᠦᠷ ᠲᠡᠰ ᠤᠨ ᠴᠢᠳᠠᠪᠤᠷᠢᠳᠠᠨ ᠢ ᠰᠤᠩᠭᠤᠬᠤ᠂ ᠬᠦᠮᠦᠵᠢᠭᠦᠯᠭᠦ ᠠᠵᠢᠯ ᠢ | ᠬᠠᠷᠢᠭᠤᠴᠠᠵᠤ᠂ ᠲᠦᠷᠢᠮ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠨᠠᠢᠮᠠ︶ ᠬᠠᠮᠢᠶ᠎ᠠ ᠪᠦᠬᠦᠢ ᠪᠠᠶᠢᠭᠤᠯᠤᠯᠭ᠎ᠠ ᠲᠠᠢ ᠬᠠᠮᠲᠤᠷᠠᠵᠤ ᠴᠡᠷᠢᠭ ᠠᠴᠠ ᠬᠠᠯᠠᠭᠳᠠᠭᠰᠠᠨ ᠺᠠᠳ᠋ᠷ ᠢ | ᠲᠦᠪᠬᠢᠨᠡᠭᠦᠯᠬᠦ ᠲᠦᠷᠦ ᠶᠢᠨ ᠪᠤᠳᠤᠯᠭ᠎ᠠ ᠵᠢᠴᠢ ᠲᠦᠯᠤᠪᠯᠡᠯᠭᠡ ᠶᠢ ᠨᠠᠶᠢᠳᠠᠪᠤᠷᠢᠵᠢᠭᠤᠯᠵᠤ᠂ ᠴᠡᠷᠢᠭ ᠠᠴᠠ | ᠬᠠᠯᠠᠭᠳᠠᠭᠰᠠᠨ ᠺᠠᠳ᠋ᠷ ᠤᠨ ᠰᠤᠷᠤᠯᠴᠠᠯᠭ᠎ᠠ ᠪᠤᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠬᠡᠰᠡᠭ ᠪᠦᠯᠦᠭ ᠠᠵᠤ | ᠠᠬᠤᠶᠢᠯᠠᠯ ᠳᠤ ᠬᠤᠪᠢᠶᠠᠭᠳᠠᠭᠰᠠᠨ ᠴᠡᠷᠢᠭ ᠠᠴᠠ ᠬᠠᠯᠠᠭᠳᠠᠭᠰᠠᠨ ᠺᠠᠳ᠋ᠷ ᠤᠨ ᠬᠦᠴᠢᠷ ᠵᠤᠪᠠᠭᠤᠷᠢ ᠶᠢ ᠰᠢᠢᠳᠪᠦᠷᠢᠯᠡᠭᠦ | ᠪᠠ ᠲᠤᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠲᠠᠢ ᠲᠤᠤᠱᠯᠠᠭᠤᠯᠬᠤ ᠶᠢᠨ ᠬᠠᠮᠲᠤ᠂ ᠦᠪᠡᠷ | ᠢᠶᠠᠨ ᠡᠵᠡᠨ ᠮᠡᠳᠡᠨ ᠠᠵᠢᠯ ᠰᠤᠩᠭᠤᠭᠰᠠᠨ ᠴᠡᠷᠢᠭ ᠠᠴᠠ ᠬᠠᠯᠠᠭᠳᠠᠭᠰᠠᠨ ᠺᠠᠳ᠋ᠷ ᠤᠨ ᠬᠠᠮᠢᠶᠠᠷᠤᠯᠳᠠ ᠪᠠ | ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ᠃ | ︵ᠶᠢᠰᠤ︶ ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠶᠢᠨ ᠠᠯᠪᠠᠲᠠᠨ ᠢ ᠶᠡᠷᠦᠩᠬᠡᠶᠢᠯᠠᠨ ᠬᠠᠮᠢᠶᠠᠷᠬᠤ ᠠᠵᠢᠯ ᠢ | ᠬᠠᠷᠢᠭᠤᠴᠠᠨ᠎ᠠ᠂ ᠠᠶᠢᠮᠠᠭ ᠤᠨ ᠵᠠᠬᠢᠷᠭᠠᠨ ᠤ ᠲᠤᠰᠢᠶᠠᠯ ᠶᠤᠰᠤᠭᠠᠷ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠳᠤ ᠬᠠᠮᠢᠶᠠᠷᠤᠭᠳᠠᠬᠤ ᠤᠳᠤᠷᠢᠳᠤᠯᠭ᠎ᠠ ᠤᠳ ᠢ ᠰᠢᠯᠭᠠᠨ ᠪᠠᠶᠢᠴᠠᠭᠠᠬᠤ᠂ | ᠲᠤᠮᠢᠯᠠᠨ ᠪᠠᠭᠤᠯᠭᠠᠬᠤ᠂ ᠬᠢᠨᠠᠨ ᠵᠦᠪᠰᠢᠶᠡᠷᠴᠦ ᠳᠠᠩᠰᠠᠯᠠᠬᠤ ᠠᠵᠢᠯ ᠢ ᠲᠠᠭᠠᠭᠠᠨ ᠬᠢᠨ᠎ᠡ᠃ ᠤᠯᠤᠰ ᠤᠨ | ᠠᠯᠪᠠᠳᠠᠨ ᠤ ᠦᠷᠢᠰᠤᠯᠳᠤᠵᠤ ᠠᠵᠢᠯ ᠤᠨ ᠪᠠᠶᠢᠷᠢ ᠳᠤ ᠭᠠᠷᠬᠤ ᠲᠦᠰᠤᠪ ᠢ ᠲᠤᠭᠤᠷᠪᠢᠬᠤ ᠶᠢᠨ ᠬᠠᠮᠲᠤ ᠵᠤᠬᠢᠶᠠᠨ | ᠪᠠᠶᠢᠭᠤᠯᠵᠤ ᠶᠠᠪᠤᠭᠳᠠᠭᠤᠯᠤᠨ᠎ᠠ᠃ ᠪᠦᠬᠦ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ | ᠪᠢᠰᠢ ᠠᠯᠪᠠᠨ ᠲᠤᠰᠢᠶᠠᠯ ᠢ ᠪᠠᠶᠢᠷᠢᠯᠠᠭᠤᠯᠬᠤ ᠪᠠ ᠬᠢᠨᠠᠨ ᠵᠦᠪᠰᠢᠶᠡᠷᠡᠬᠦ ᠠᠵᠢᠯ ᠢ ᠬᠠᠷᠢᠭᠤᠴᠠᠨ ᠬᠢᠨ᠎ᠡ᠃ ᠪᠦᠬᠦ | ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠬᠦᠬᠢᠭᠦᠯᠵᠤ ᠱᠠᠩᠨᠠᠬᠤ ᠠᠵᠢᠯ ᠢ ᠵᠤᠬᠢᠴᠠᠭᠤᠯᠬᠤ ᠪᠠ ᠬᠢᠨᠠᠨ | ᠪᠠᠶᠢᠴᠠᠭᠠᠨ᠎ᠠ᠂ ᠬᠠᠮᠢᠶ᠎ᠠ ᠪᠦᠬᠦᠢ ᠳᠣᠩᠭᠤᠳᠣᠵᠦ ᠵᠢᠮᠡᠯᠡᠬᠦ ᠪᠤᠯᠤᠨ ᠭᠤᠮᠤᠳᠠᠯ ᠲᠤᠭᠠᠴᠢᠬᠤ᠂ ᠵᠠᠷᠭᠤ ᠮᠡᠳᠡᠭᠦᠯᠬᠦ | ᠠᠵᠢᠯ ᠢ ᠬᠠᠷᠢᠭᠤᠴᠠᠨ᠎ᠠ᠂ ᠪᠦᠬᠦ ᠬᠤᠰᠢᠭᠤᠨ ᠤ ᠠᠯᠪᠠᠲᠠᠨ ᠤ ᠬᠦᠮᠤᠵᠢᠯ ᠪᠤᠯᠪᠠᠰᠤᠷᠠᠯ ᠤᠨ ᠲᠦᠯᠤᠪᠯᠡᠯᠭᠡ ᠶᠢ | ᠲᠤᠭᠲᠠᠭᠠᠨ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃ | ︵ᠠᠷᠪᠠ︶ ᠪᠦᠭᠦ ᠬᠤᠰᠢᠭᠤᠨ ᠤ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠡ ᠶᠢᠨ ᠲᠤᠰᠬᠠᠢ ᠮᠡᠷᠬᠡᠵᠢᠯ ᠤᠨ | ᠠᠵᠢᠯᠲᠠᠳ ᠤᠨ ᠦᠷᠬᠦᠯᠵᠢᠯᠡᠨ ᠰᠤᠷᠤᠯᠴᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ | ᠨᠢᠭᠡᠳᠤᠯᠲᠠᠢ ᠲᠦᠯᠤᠪᠯᠡᠵᠤ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃ ᠪᠦᠬᠦ | ᠬᠤᠰᠢᠭᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠲᠤᠰᠬᠠᠢ ᠮᠡᠷᠭᠡᠵᠢᠯᠲᠡᠨ᠂ ᠠᠵᠢᠯᠴᠢᠨ ᠤ | ᠮᠡᠷᠭᠡᠵᠢᠯ ᠤᠨ ᠳᠡᠰ ᠪᠠᠶᠢᠷᠢ ᠶᠢ ᠬᠢᠨᠠᠨ ᠰᠢᠯᠭᠠᠬᠤ ᠵᠢᠴᠢ ᠮᠠᠰᠲ᠋ᠧᠷ᠂ ᠦᠨᠳᠤᠷ ᠵᠡᠷᠭᠡ ᠶᠢᠨ ᠮᠠᠰᠲ᠋ᠧᠷ ᠢ ᠰᠢᠯᠭᠠᠨ | ᠦᠨᠡᠯᠡᠬᠦ ᠠᠵᠢᠯ ᠢ ᠶᠡᠷᠦᠩᠬᠡᠶᠢᠯᠠᠨ ᠬᠠᠮᠢᠶᠠᠷᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠠᠷᠢᠮᠵᠢᠶ᠎ᠠ ᠪᠤᠯᠤᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠰᠢᠯᠭᠠᠨ ᠦᠨᠡᠯᠡᠬᠦ ᠠᠵᠢᠯ ᠢ ᠬᠠᠷᠢᠭᠤᠴᠠᠨ᠎ᠠ᠂ ᠡᠯ᠎ᠡ ᠲᠦᠷᠦᠯ ᠤᠨ | ᠬᠦᠮᠦᠵᠢᠯ ᠪᠤᠯᠪᠠᠰᠤᠷᠠᠯ ᠤᠨ ᠨᠢᠬᠡᠴᠡ ᠳᠤ ᠡᠷᠬᠢᠯᠡᠬᠦ ᠡᠷᠬᠡ ᠤᠯᠭᠤᠬᠤ ᠵᠢᠴᠢ ᠶᠡᠷᠦᠩᠬᠡᠢ ᠬᠠᠮᠢᠶᠠᠷᠬᠤ ᠠᠵᠢᠯ ᠢ | ᠬᠠᠷᠢᠭᠤᠴᠠᠨ᠎ᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠪᠠᠲᠤᠯᠠᠬᠤ ᠦᠷᠳᠡᠭᠡ ᠪᠤᠯᠤᠨ ᠠᠵᠢᠯ ᠮᠡᠷᠭᠡᠵᠢᠯ ᠤᠨ | ᠰᠤᠷᠭᠠᠭᠤᠯᠢ ᠡᠷᠬᠢᠯᠡᠬᠦ ᠬᠢᠷᠢ ᠬᠡᠮ ᠢ ᠰᠢᠯᠭᠠᠨ ᠪᠠᠶᠢᠴᠠᠭᠠᠨ᠎ᠠ᠂ ᠠᠵᠢᠯ ᠬᠦᠳᠡᠯᠮᠤᠷᠢ ᠶᠢᠨ ᠲᠤᠬᠠᠢ ᠪᠡᠯᠡᠳᠬᠡᠯ ᠳᠦᠷᠢᠮ | ᠲᠤᠭᠳᠠᠭᠠᠯ᠂ ᠠᠷᠭ᠎ᠠ ᠬᠡᠮᠵᠢᠶ᠎ᠡ ᠶᠢ ᠭᠠᠷᠭᠠᠬᠤ ᠶᠢᠨ ᠬᠠᠮᠲᠤ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃ | ︵ᠠᠷᠪᠠᠨ ᠨᠢᠭᠡ︶ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠮᠠᠯᠴᠢᠨ ᠲᠠᠷᠢᠶᠠᠴᠢᠨ ᠲᠠᠢ ᠬᠤᠯᠪᠤᠭᠠᠲᠠᠢ | ᠲᠦᠷᠦ ᠶᠢᠨ ᠪᠤᠳᠤᠯᠭ᠎ᠠ ᠶᠢ ᠲᠤᠤᠱᠠᠯᠠᠭᠤᠯᠵᠤ᠂ ᠪᠦᠬᠦ ᠬᠤᠰᠢᠭᠤᠨ ᠤ ᠮᠠᠯᠴᠢᠨ ᠲᠠᠷᠢᠶᠠᠴᠢᠨ ᠠᠵᠢᠯᠴᠢᠨ ᠤ | ᠠᠵᠢᠯ ᠤᠨ ᠲᠦᠯᠤᠪᠯᠡᠯᠭᠡ ᠶᠢ ᠲᠤᠭᠤᠷᠪᠢᠵᠤ᠂ ᠮᠠᠯᠴᠢᠨ ᠲᠠᠷᠢᠶᠠᠴᠢᠨ ᠠᠵᠢᠯᠴᠢᠳ ᠤᠨ ᠠᠵᠢᠯ ᠳᠤᠮᠳᠠᠬᠢ | ᠭᠤᠤᠯᠳᠠᠯᠭᠠᠳᠠᠢ ᠬᠦᠴᠢᠷᠳᠠᠢ ᠠᠰᠠᠭᠤᠳᠠᠯ ᠢ ᠵᠤᠬᠢᠰᠲᠠᠢ ᠰᠢᠢᠳᠪᠤᠷᠢᠯᠡᠨ᠂ ᠮᠠᠯᠴᠢᠨ ᠲᠠᠷᠢᠶᠠᠴᠢᠨ ᠠᠵᠢᠯᠴᠢᠳ ᠤᠨ | ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ | ︵ᠠᠷᠪᠠᠨ ᠬᠤᠶᠠᠷ︶ ᠬᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠵᠤ᠂ ᠬᠦᠨᠳᠡᠯᠡᠨ ᠠᠴᠠ ᠲᠠᠰᠤᠯᠬᠤ ᠲᠦᠷᠢᠮ | ᠲᠤᠭᠲᠠᠭᠠᠯ ᠬᠢᠭᠡᠳ ᠬᠦᠳᠡᠯᠮᠦᠷᠢ ᠶᠢᠨ ᠬᠠᠷᠢᠴᠠᠭ᠎ᠠ ᠲᠠᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ | ᠲᠤᠤᠱᠠᠯᠠᠭᠤᠯᠵᠤ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ ᠠᠵᠢᠯᠯᠠᠭ᠎ᠠ ᠶᠢ ᠲᠡᠭᠦᠯᠳᠡᠷᠵᠢᠭᠦᠯᠤᠨ᠎ᠡ᠃ | ᠬᠠᠤᠯᠢ ᠪᠤᠰᠤ ᠪᠠᠷ ᠬᠡᠤᠬᠡᠳ ᠠᠵᠢᠯᠴᠢᠨ ᠬᠡᠷᠡᠭᠯᠡᠬᠦ ᠶᠢ ᠦᠭᠡᠶᠢᠰᠭᠡᠬᠦ ᠵᠢᠴᠢ ᠡᠮᠡᠭᠲᠠᠢ ᠠᠵᠢᠯᠴᠢᠨ᠂ ᠨᠠᠰᠤᠨ ᠳᠤ | ᠬᠦᠷᠦᠭᠡᠳᠤᠢ ᠠᠵᠢᠯᠴᠢᠨ ᠳᠤ ᠤᠨᠴᠠᠭᠠᠢ ᠬᠠᠷᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ | ᠲᠤᠤᠱᠠᠯᠠᠭᠤᠯᠵᠤ᠂ ᠬᠦᠳᠡᠯᠮᠤᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠯᠳᠠ ᠶᠢ ᠵᠤᠬᠢᠶᠠᠨ ᠦᠷᠨᠢᠭᠦᠯᠵᠤ᠂ | ᠬᠦᠳᠡᠯᠮᠦᠷᠢᠴᠢᠳ ᠤᠨ ᠡᠷᠬᠡ ᠠᠰᠢᠭ ᠢᠶᠠᠨ ᠬᠠᠮᠠᠭᠠᠯᠠᠤ ᠠᠵᠢᠯᠯᠠᠭ᠎ᠠ ᠶᠢ ᠲᠤᠬᠢᠷᠠᠭᠤᠯᠵᠤ᠂ ᠬᠦᠳᠡᠯᠮᠦᠷᠢ ᠶᠢᠨ ᠡᠷᠬᠡ | ᠠᠰᠢᠭ ᠢᠶᠠᠨ ᠬᠠᠮᠠᠭᠠᠯᠠᠬᠤ ᠠᠵᠢᠯᠯᠠᠭ᠎ᠠ ᠶᠢ ᠦᠷᠨᠢᠭᠦᠯᠵᠤ᠂ ᠬᠠᠤᠯᠢ ᠴᠠᠭᠠᠵᠠ ᠪᠠ ᠰᠠᠬᠢᠯᠭ᠎ᠠ ᠪᠠᠳᠤ ᠶᠢ ᠵᠦᠷᠢᠴᠡᠭᠰᠡᠨ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠨ᠎ᠡ᠃ | ︵ᠠᠷᠪᠠᠨ ᠭᠤᠷᠪᠠ︶ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ᠂ ᠠᠶᠢᠮᠠᠭ ᠤᠨ ᠬᠦᠮᠦᠨ ᠤ ᠬᠦᠴᠤᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠵᠠᠬᠢᠨ ᠲᠤᠰᠢᠶᠠᠭᠰᠠᠨ ᠪᠤᠰᠤᠳ ᠠᠵᠢᠯ ᠢ ᠭᠠᠷᠳᠠᠨ | ᠬᠦᠢᠴᠡᠳᠬᠡᠨ᠎ᠡ᠃ | | |