ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2023/12/27
ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠤᠪᠴᠢᠶ᠎ᠠ    ᠭᠤᠤᠯ ᠡᠬᠦᠷᠬᠡ ᠬᠠᠷᠢᠭᠤᠴᠠᠯᠭ᠎ᠠ    ︵ᠨᠢᠬᠡ︶ ᠳᠡᠭᠡᠳᠦ ᠱᠠᠳᠣᠨ ᠤ ᠵᠠᠬᠢᠳᠠᠯ ᠰᠤᠷᠪᠤᠯᠵᠢᠯᠠᠭ᠎ᠠ ᠤᠨ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠲᠦᠷᠢᠮ‌‍ᠲ᠋ᠣᠭᠳᠠᠭᠠᠯ᠂ ᠴᠢᠭᠯᠡᠯᠳᠠ ᠪᠠ ᠵᠦᠪᠰᠢᠶᠡᠷᠡᠨ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠤᠨ ᠬᠡᠷᠡᠭ ᠶᠠᠪᠤᠳᠠᠯ ᠤᠨ ᠲᠤᠰᠢᠶᠠᠨ ᠰᠢᠢᠳᠪᠦᠷᠢᠯᠡᠬᠦ᠂ ᠱᠠᠭᠠᠷᠲᠠᠨ ᠰᠢᠢᠳᠪᠦᠷᠢᠯᠡᠬᠦ᠂ ᠲᠠᠰᠤᠯᠤᠨ ᠰᠢᠢᠳᠪᠦᠷᠢᠯᠡᠬᠦ ᠵᠡᠷᠬᠡ ᠠᠵᠢᠯ ᠢ ᠲᠠᠭᠠᠭᠠᠴᠢᠯᠠᠨ ᠡᠷᠬᠢᠯᠡᠬᠦ ᠶᠢ ᠬᠠᠷᠢᠭᠤᠴᠠᠨ᠎ᠠ︔    ︵ᠬᠤᠶᠠᠷ︶ ᠤᠯᠠᠨ ᠲᠦᠮᠡᠨ ᠤ ᠢᠷᠡᠬᠦᠯᠦᠭᠰᠡᠨ ᠵᠠᠬᠢᠳᠠᠯ᠂ ᠢᠷᠡᠬᠦᠯᠦᠭᠰᠡᠨ ᠤᠳᠠᠰᠤ᠂ ᠳᠡᠭᠡᠭᠰᠢ ᠰᠣᠷᠪᠣᠯᠵᠢᠯᠠᠭ᠎ᠠ ᠬᠢᠭᠰᠡᠳ ᠤᠨ ᠲᠤᠷᠠᠳᠤᠭᠰᠠᠨ ᠴᠢᠬᠤᠯᠨ ᠠᠰᠠᠭᠤᠳᠠᠯ ᠪᠠ ᠱᠠᠭᠠᠷᠳᠠᠯᠭ᠎ᠠ ᠶᠢ ᠨᠠᠮ ᠤᠨ ᠬᠤᠷᠢᠶ᠎ᠠ᠂ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠰᠬᠠᠬᠤ ᠠᠵᠢᠯ ᠢ ᠶᠢ ᠬᠠᠷᠢᠭᠤᠴᠠᠨ᠎ᠠ︔ ᠡᠷᠬᠡᠲᠤ ᠠᠷᠠᠳ᠂ ᠬᠠᠤᠯᠢ ᠶᠢᠨ ᠡᠷᠬᠡᠳᠡᠨ ᠵᠢᠴᠢ ᠪᠤᠰᠤᠳ ᠵᠤᠬᠢᠶᠠᠨ ᠪᠠᠶᠢᠭᠤᠯᠤᠯᠳᠠ ᠠᠴᠠ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠤᠯᠤᠨ ᠤᠳᠤᠷᠢᠳᠤᠯᠭ᠎ᠠ ᠳᠤ ᠢᠷᠡᠬᠦᠯᠦᠭᠰᠡᠨ ᠵᠠᠬᠢᠳᠠᠯ᠂ ᠤᠳᠠᠰᠤ ᠶᠢ ᠬᠠᠷᠢᠭᠤᠴᠠᠨ ᠰᠢᠢᠳᠪᠦᠷᠢᠯᠡᠵᠤ᠂ ᠤᠯᠠᠨ ᠲᠦᠮᠡᠨ ᠤ ᠰᠣᠷᠪᠣᠯᠵᠢᠯᠠᠭ᠎ᠠ ᠶᠢ ᠬᠦᠯᠢᠶᠡᠨ ᠠᠪᠴᠦ ᠰᠢᠢᠳᠪᠦᠷᠢᠯᠡᠨ᠎ᠡ᠃    ︵ᠭᠤᠷᠪᠠ︶ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠤᠪᠤᠶᠢᠮ᠎ᠠ‌ᠠᠰᠠᠭᠤᠳᠠᠯ ᠪᠤᠯᠤᠨ ᠤᠯᠠᠨ ᠲᠦᠮᠡᠨᠴᠢ ᠬᠡᠷᠡᠭ ᠶᠠᠪᠤᠳᠠᠯ ᠤᠨ ᠬᠠᠮᠳᠤᠷᠠᠭᠰᠠᠨ ᠬᠤᠷᠠᠯᠳᠤᠭᠠᠨ ᠤ ᠠᠯᠪᠠᠨ ᠬᠡᠷ ‍ᠤᠨ‌ᠠᠵᠢᠯ ᠢ ᠬᠠᠷᠢᠭᠤᠴᠠᠨ ᠰᠢᠢᠳᠪᠦᠷᠢᠯᠡᠵᠤ᠂ ᠪᠦᠬᠦ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠳᠤ ᠵᠤᠬᠢᠴᠠᠭᠤᠯᠭ᠎ᠠ ᠬᠢᠵᠤ᠂ ᠵᠤᠬᠢᠴᠠᠭᠤᠯᠤᠨ ᠬᠠᠮᠵᠢᠯᠴᠠᠬᠤ ᠪᠠᠶᠢᠭᠤᠯᠤᠮᠵᠢ ᠶᠢᠨ ᠲᠦᠷᠢᠮ ᠶᠢ ᠲᠡᠬᠦᠯᠳᠡᠷᠵᠢᠬᠦᠯᠬᠦ ᠶᠢ ᠵᠢᠯᠤᠭᠤᠳᠤᠨ᠂ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠪᠤᠯᠤᠨ ᠤᠯᠠᠨ ᠲᠦᠮᠡᠨᠴᠢ ᠬᠡᠷᠡᠭ ᠶᠠᠪᠤᠳᠠᠯ ᠤᠨ ᠬᠠᠮᠳᠤᠷᠠᠭᠰᠠᠨ ᠬᠤᠷᠠᠯᠳᠤᠭᠠᠨ ᠤ ᠠᠯᠪᠠᠨ ᠬᠡᠷ ᠤᠨ ᠴᠢᠳᠠᠮᠵᠢ ᠪᠠᠨ ᠪᠦᠷᠢᠨ ᠪᠠᠳᠠᠷᠠᠭᠤᠯᠤᠨ᠎ᠠ︔ ᠬᠠᠮᠳᠤᠷᠠᠭᠰᠠᠨ ᠬᠤᠷᠠᠯ ᠤᠨ ᠲᠤᠭᠳᠠᠭᠠᠭᠰᠠᠨ ᠶᠠᠪᠤᠳᠠᠯ ᠤᠳ ᠢ ᠬᠢᠨᠠᠨ ᠱᠠᠭᠠᠷᠳᠠᠵᠤ ᠨᠠᠶᠢᠳᠠᠪᠤᠷᠢᠵᠢᠭᠤᠯᠬᠤ᠂ ᠰᠣᠮᠣ ᠪᠠᠯᠭᠠᠰᠣ ᠪᠠ ᠬᠤᠰᠢᠭᠤᠨ ᠤ ᠡᠯ᠎ᠠ ᠰᠠᠯᠠᠭ᠎ᠠ ᠮᠦᠴᠢᠷ ᠤᠨ ᠵᠠᠬᠢᠳᠠᠯ ᠰᠣᠷᠪᠣᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠪᠤᠯᠤᠨ ᠤᠯᠠᠨ ᠲᠦᠮᠡᠨᠴᠢ ᠴᠢᠨᠠᠷ ᠲᠠᠢ ᠬᠡᠷᠡᠭ ᠶᠠᠪᠤᠳᠠᠯ ᠢ ᠶᠡᠷᠦᠩᠬᠡᠶᠢᠯᠡᠨ ᠵᠠᠳᠠᠯᠵᠤ ᠵᠤᠬᠢᠶᠠᠨ ᠪᠠᠶᠢᠭᠤᠯᠵᠦ ᠵᠤᠬᠢᠴᠠᠭᠤᠯᠣᠨ ᠰᠢᠢᠳᠪᠦᠷᠢᠯᠡᠬᠦ ᠪᠠ ᠱᠠᠭᠠᠷᠳᠠᠨ ᠪᠠᠶᠢᠴᠠᠭᠠᠬᠤ ᠠᠵᠢᠯ  ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠬᠤ᠂ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠷᠰᠢᠯᠭ᠎ᠠ ᠶᠢ ᠳ᠋ᠦᠩᠨᠡᠨ ᠲᠡᠯᠭᠡᠷᠡᠬᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠢᠯᠢᠳᠡᠭᠵᠢᠬᠦᠯᠬᠦ ᠪᠠ ᠴᠢᠩᠭᠠᠳᠬᠠᠬᠤ ᠰᠠᠨᠠᠭᠤᠯᠭ᠎ᠠ ᠶᠢ ᠲᠤᠷᠠᠳᠤᠨ᠎ᠠ᠃    ︵ᠲᠦᠷᠪᠡ︶ ᠬᠤᠰᠢᠭᠤ ᠤᠳᠤᠷᠢᠳᠤᠯᠭ᠎ᠠ ᠶᠢᠨ ᠲᠤᠰᠢᠶᠠᠨ ᠰᠢᠢᠳᠪᠦᠷᠢᠯᠡᠬᠦᠯᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠶᠠᠪᠤᠳᠠᠯ ᠤᠳ ᠢ ᠬᠠᠷᠢᠭᠤᠴᠠᠨ ᠵᠤᠬᠢᠴᠠᠭᠤᠯᠵᠤ᠂ ᠬᠢᠨᠠᠨ ᠵᠢᠯᠤᠭᠤᠳᠴᠦ᠂ ᠰᠢᠢᠳᠪᠦᠷᠢᠯᠡᠬᠦ ᠶᠢᠨ ᠬᠠᠮᠳᠤ ᠰᠠᠶᠢᠳᠤᠷ ᠠᠳᠬᠤᠨ ᠨᠠᠶᠢᠳᠠᠪᠤᠷᠢᠵᠢᠭᠤᠯᠤᠨ᠎ᠠ︔ ᠡᠯ᠎ᠠ ᠰᠣᠮᠣ ᠪᠠᠯᠭᠠᠰᠣ ᠪᠠ ᠡᠯ᠎ᠠ ᠰᠠᠯᠠᠭ᠎ᠠ ᠮᠦᠴᠢᠷ ᠤᠨ ᠲᠠᠮᠵᠢᠭᠤᠯᠤᠨ ᠰᠢᠢᠳᠪᠦᠷᠢᠯᠡᠬᠦᠯᠦᠭᠰᠡᠨ᠂ ᠲᠤᠰᠢᠶᠠᠨ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ  ᠤᠳ ᠢ ᠬᠠᠷᠢᠭᠤᠴᠠᠵᠤ᠂ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠰᠢᠢᠳᠪᠦᠷᠢᠯᠡᠭᠰᠡᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ︔ ᠭᠠᠵᠠᠷ ᠤᠷᠤᠨ ᠠᠯᠤᠰᠯᠠᠭᠰᠠᠨ  ᠂ ᠰᠠᠯᠠᠭ᠎ᠠ ᠮᠦᠴᠢᠷ ᠠᠯᠤᠰᠯᠠᠭᠰᠠᠨ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠤᠬᠢᠴᠠᠭᠤᠯᠬᠤ᠂ ᠱᠠᠭᠠᠷᠳᠠᠨ ᠪᠠᠶᠢᠴᠠᠭᠠᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃    ︵ᠲᠠᠪᠤ︶ ᠵᠠᠬᠢᠳᠠᠯ ᠰᠤᠷᠪᠤᠯᠵᠢᠯᠠᠯ ᠤᠨ ᠰᠤᠷᠠᠭ ᠵᠠᠩᠬᠢ ᠶᠢ ᠶᠡᠷᠦᠩᠬᠡᠶᠢᠯᠡᠨ ᠵᠠᠳᠠᠯᠵᠤ᠂ ᠪᠠᠶᠢᠴᠠᠭᠠᠡ ᠰᠤᠳᠤᠯᠤᠯᠳᠡ ᠬᠢᠵᠦ᠂ ᠬᠠᠮᠢᠶ᠎ᠠ ᠪᠦᠬᠦᠢ ᠴᠢᠭᠯᠡᠯᠳᠡ᠂ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠲᠤᠭᠳᠠᠭᠠᠯ ᠢ ᠲᠤᠭᠳᠠᠭᠠᠬᠤ᠂ ᠵᠠᠰᠠᠪᠤᠷᠢ ᠤᠷᠤᠭᠤᠯᠬᠤ᠂ ᠲᠡᠬᠦᠯᠳᠡᠷᠵᠢᠬᠦᠯᠬᠦ ᠰᠠᠨᠠᠭᠤᠯᠭ᠎ᠠ ᠶᠢ ᠲᠤᠷᠠᠳᠤᠨ᠎ᠠ︔ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠱᠠᠭᠠᠷᠳᠠᠨ ᠪᠠᠶᠢᠴᠠᠭᠠᠬᠤ᠂ ᠡᠶᠡᠳᠡᠬᠦᠯᠬᠦ ᠪᠤᠯᠤᠨ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠬᠢ ᠶᠢ ᠴᠤᠭᠯᠠᠭᠤᠯᠵᠤ ᠵᠠᠳᠠᠯᠤᠯᠳᠠ ᠬᠢᠬᠦ ᠶᠢ ᠦᠷᠨᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠭᠤᠤᠯᠳᠠᠯᠭ᠎ᠠ ᠶᠢ ᠬᠡᠷᠡᠭ ᠤᠨ ᠬᠤᠶᠢᠨ᠎ᠠ ᠰᠢᠢᠳᠪᠦᠷᠢᠯᠡᠬᠦ ᠠᠴᠠ ᠬᠡᠷᠡᠭ ᠤᠨ ᠡᠮᠦᠨ᠎ᠡ ᠱᠠᠭᠠᠷᠳᠠᠨ ᠪᠠᠶᠢᠴᠠᠭᠠᠵᠤ ᠡᠶᠡᠳᠡᠬᠦᠯᠬᠦ ᠳᠤ ᠰᠢᠯᠵᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠷᠢᠳᠴᠢᠯᠠᠨ ᠮᠠᠲᠠᠬᠦ ᠴᠢᠨᠠᠷ ᠪᠤᠯᠤᠨ ᠬᠠᠨᠲᠤᠯᠭᠠᠲᠤ ᠴᠢᠨᠠᠷ ᠢ ᠨᠡᠮᠡᠭᠳᠡᠬᠦᠯᠦᠨ᠎ᠡ᠃    ︵ᠵᠢᠷᠭᠤᠭ᠎ᠠ︶ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠬᠢ ᠶᠢᠨ ᠰᠢᠰᠲ᠋ᠧᠮ ᠢ‌ᠵᠢᠯᠤᠭᠤᠳᠬᠤ ᠪᠠ ᠬᠠᠮᠢᠶᠠᠷᠬᠤ ᠶᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ ᠶᠠᠭᠠᠷᠠᠯᠳᠠᠢ ᠤᠳᠠᠰᠤ ᠶᠢ ᠲᠤᠰᠬᠤ᠂ ᠳᠤᠤᠷ ᠰᠦᠯᠵᠢᠶᠡᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠰᠢᠢᠳᠪᠦᠷᠢᠯᠡᠬᠦ᠂ ᠬᠠᠷᠢᠭᠤᠯᠳᠠ ᠦᠭᠬᠦ ᠠᠵᠢᠯ ᠢ ᠬᠠᠷᠢᠭᠤᠴᠠᠨ᠎ᠠ᠃    ︵ᠲᠤᠯᠤᠭ᠎ᠠ︶ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠡᠩᠨᠡᠭᠡᠨ ᠤ ᠪᠦᠳᠦᠬᠡᠨ ᠪᠠᠶᠢᠭᠤᠯᠤᠯᠳᠠ ᠶᠢ ᠵᠢᠯᠤᠭᠤᠳᠬᠤ ᠶᠢ ᠬᠠᠷᠢᠭᠤᠴᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠳᠠᠪᠤᠷᠢᠳᠠᠨ ᠤ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ︔ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ  ᠤᠨ ᠡᠩᠨᠡᠬᠡᠨ ᠤ ᠪᠤᠯᠪᠠᠰᠤᠷᠠᠯ ᠢ ᠵᠤᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃    ︵ᠨᠠᠢᠮᠨ︶ ᠬᠤᠰᠢᠭᠤ ᠨᠠᠮ ᠤᠨ ᠬᠤᠷᠢᠶ᠎ᠠ᠂ ᠵᠠᠰᠠᠭ ᠵᠠᠰᠠᠭ ᠤᠨ ᠣᠷᠳᠣᠨ ᠪᠤᠯᠤᠨ ᠳᠡᠭᠡᠳᠦ ᠱᠠᠳᠣᠨ ᠤ ᠵᠠᠬᠢᠳᠠᠯ ᠰᠤᠷᠪᠤᠯᠵᠢᠯᠠᠭ᠎ᠠ ᠶᠢᠨ ᠳᠤᠪᠴᠢᠶᠠᠨ ᠤ ᠲᠤᠰᠢᠶᠠᠵᠤ ᠰᠢᠢᠳᠪᠦᠷᠢᠯᠡᠬᠦᠯᠦᠭᠰᠡᠨ ᠪᠤᠰᠤᠳ ᠶᠠᠪᠤᠳᠠᠯ ᠤᠳ ᠢ ᠲᠠᠭᠠᠭᠠᠴᠢᠯᠠᠨ ᠰᠢᠢᠳᠪᠦᠷᠢᠯᠡᠨ᠎ᠡ᠃   
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号