ᠬᠤᠰᠢᠭᠤ ᠤᠳᠤᠷᠢᠳᠤᠯᠭ᠎ᠠ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠰᠢᠰᠲ᠋ᠧᠮ ᠤᠨ ᠵᠢᠯ ᠤᠨ ᠡᠴᠦᠰ ᠤᠨ ᠶᠡᠷᠦᠩᠬᠡᠢ ᠳ᠋ᠥᠩᠨᠡᠯᠲᠡ ᠶᠢᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/12/28
ᠬᠤᠰᠢᠭᠤ ᠤᠳᠤᠷᠢᠳᠤᠯᠭ᠎ᠠ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠰᠢᠰᠲ᠋ᠧᠮ ᠤᠨ ᠵᠢᠯ ᠤᠨ ᠡᠴᠦᠰ ᠤᠨ ᠶᠡᠷᠦᠩᠬᠡᠢ ᠳ᠋ᠥᠩᠨᠡᠯᠲᠡ ᠶᠢᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠪᠠ      ᠵᠢᠯ ᠤᠨ ᠡᠴᠦᠰ ᠪᠣᠯ ᠪᠥᠬᠦ ᠬᠤᠰᠢᠭᠤᠨ ᠤ ᠮᠥᠩᠭᠦᠨ ᠭᠦᠢᠯᠭᠡᠭᠡ ᠡᠳ᠋ ᠤᠨ ᠵᠠᠰᠠᠭ ᠭᠠᠶᠢᠯᠢ ᠶᠢᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠤ ᠬᠠᠮᠤᠭ ᠤᠨ ᠶᠠᠭᠠᠷᠠᠯᠲᠠᠢ ᠡᠳᠦᠷ ᠪᠣᠯᠣᠨ᠎ᠠ᠃ 12 ᠰᠠᠷ᠎ᠠ ᠶᠢᠨ 28᠎ ᠠᠴᠠ 29᠎ ᠤ ᠡᠳᠦᠷ ᠪᠣᠯᠲᠠᠯ᠎ᠠ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠷᠳᠡᠨᠢ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠶᠤᠸᠠᠢ ᠴᠧᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ ᠲᠣᠰ ᠲᠣᠰ ᠬᠤᠰᠢᠭᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠡᠮᠦᠨ᠎ᠡ ᠹᠷᠣᠨᠲ ᠲᠤ ᠴᠢᠷᠮᠠᠶᠢᠨ ᠠᠵᠢᠯᠯᠠᠵᠤ ᠪᠠᠶᠢᠭ᠎ᠠ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠵᠢᠯ ᠤᠨ ᠡᠴᠦᠰ ᠤᠨ ᠶᠡᠷᠦᠩᠬᠡᠢ ᠳ᠋ᠥᠩᠨᠡᠯᠲᠡ ᠶᠢᠨ ᠠᠵᠢᠯ ᠤᠨ ᠪᠠᠶᠢᠳᠠᠯ ᠢ ᠪᠠᠶᠢᠴᠠᠭᠠᠨ ᠦᠵᠡᠵᠦ᠂ ᠣᠯᠠᠨ ᠤ ᠨᠢᠭᠡ ᠵᠢᠯ ᠤᠨ ᠲᠤᠷᠰᠢᠬᠢ ᠰᠢᠷᠭᠠᠭᠤ ᠬᠠᠲᠠᠭᠤᠵᠢᠯᠲᠠᠢ ᠠᠵᠢᠯ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠢᠨ᠎ᠡ ᠵᠢᠯ ᠤᠨ ᠢᠷᠦᠭᠡᠯ ᠳᠡᠪᠰᠢᠭᠦᠯᠪᠡ᠃     ᠡᠷᠳᠡᠨᠢ ᠤᠷᠢᠳ ᠬᠤᠵᠢᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠳᠤ ᠬᠦᠷᠴᠦ᠂ ᠵᠢᠯ ᠤᠨ ᠡᠴᠦᠰ ᠤᠨ  ᠶᠡᠷᠦᠩᠬᠡᠢ ᠳ᠋ᠥᠩᠨᠡᠯᠲᠡ ᠶᠢᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠵᠢᠯ ᠤᠨ ᠡᠴᠦᠰ ᠤᠨ ᠶᠡᠷᠦᠩᠬᠡᠢ ᠳ᠋ᠥᠩᠨᠡᠯᠲᠡ ᠶᠢᠨ ᠠᠵᠢᠯ ᠤᠨ ᠪᠠᠶᠢᠳᠠᠯ ᠪᠠ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠡᠵᠡᠩᠨᠡᠯᠲᠡ ᠂ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠬᠦᠴᠦᠨ ᠤ ᠪᠠᠲᠤᠯᠠᠭ᠎ᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠪᠠᠷ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠢᠨ᠎ᠡ ᠨᠢᠭᠡ ᠵᠢᠯ ᠳᠤ᠂ ᠰᠢᠨ᠎ᠡ ᠳᠦᠷᠰᠦ ᠪᠠᠶᠢᠳᠠᠯ᠂ ᠣᠷᠭᠢᠯᠤᠮ᠎ᠠ ᠬᠠᠯᠠᠭᠤᠨ ᠰᠡᠳᠬᠢᠯᠭᠡ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠣᠯᠠᠨ ᠨᠡᠶᠢᠲᠡ ᠶᠢᠨ ᠡᠳ᠋ ᠤᠨ ᠬᠦᠴᠦᠨ ᠤ ᠠᠵᠢᠯᠯᠠᠭᠠᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠪᠦᠲᠦᠭᠡᠨ ᠪᠠᠶᠢᠭᠤᠯᠤᠯᠲᠠ ᠶᠢ ᠪᠠᠲᠤᠯᠠᠬᠤ᠂ ᠬᠥᠭᠵᠢᠯᠲᠡ ᠶᠢ ᠪᠠᠲᠤᠯᠠᠬᠤ ᠵᠡᠷᠭᠡ ᠲᠤᠯᠭᠠᠭᠤᠷᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ᠂ ᠣᠯᠠᠨ ᠲᠦᠮᠡᠨ ᠤ ᠬᠡᠷᠡᠭᠯᠡᠭᠡ ᠵᠡᠷᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠶᠢ  ᠵᠤᠷᠢᠭᠵᠢᠭᠤᠯᠵᠠᠢ᠃      ᠵᠠᠩ ᠶᠤᠸᠠᠢ ᠴᠧᠩ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠳᠤ ᠢᠷᠡᠵᠦ᠂ ᠭᠠᠶᠢᠯᠢ ᠲᠠᠲᠠᠪᠤᠷᠢ ᠪᠣᠯᠣᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠣᠯᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠪᠠᠷ ᠪᠠᠷᠠᠬᠤ ᠦᠭᠡᠢ ᠪᠠᠰᠠ ᠬᠠᠤᠯᠢ ᠶᠣᠰᠣᠭᠠᠷ ᠭᠠᠶᠢᠯᠢ ᠬᠤᠷᠢᠶᠠᠵᠤ᠂ ᠰᠢᠨ᠎ᠡ ᠨᠢᠭᠡ ᠵᠢᠯ ᠳᠤ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠦᠢᠯᠡᠴᠢᠯᠡᠭᠡ ᠪᠠᠨ ᠰᠢᠯᠢᠳᠡᠭᠵᠢᠭᠦᠯᠵᠦ᠂ ᠭᠠᠶᠢᠯᠢ ᠶᠢᠨ ᠢᠷᠡᠯᠲᠡ ᠶᠢ ᠦᠷᠬᠡᠳᠬᠡᠨ᠂ ᠳᠠᠯᠳᠠ ᠪᠠᠶᠢᠭ᠎ᠠ ᠰᠢᠨ᠎ᠡ ᠨᠡᠮᠡᠭᠳᠡᠯ ᠤᠨ ᠴᠡᠭ ᠢ ᠶᠡᠭᠡ ᠪᠠᠷ ᠪᠣᠶᠢᠵᠢᠭᠤᠯᠤᠨ ᠠᠭᠤᠳᠠᠯᠬᠤ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠴᠢᠨᠠᠷ  ᠢ ᠰᠠᠶᠢᠵᠢᠷᠠᠭᠤᠯᠤᠨ᠂ ᠬᠡᠮᠵᠢᠶ᠎ᠡ ᠶᠢ ᠨᠢ ᠨᠡᠮᠡᠭᠳᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠰᠢᠤᠳᠠᠨ ᠤ ᠬᠠᠳᠠᠭᠠᠯᠠᠮᠵᠢ ᠶᠢᠨ ᠪᠠᠩᠬᠢ ᠦᠢᠯᠡᠴᠢᠯᠡᠭᠡᠨ ᠤ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠰᠢᠭᠤᠨ ᠳᠤ ᠨᠠᠩ ᠣᠯᠠᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠲᠦᠷᠭᠡᠨ ᠬᠥᠭᠵᠢᠬᠦ ᠳᠤ ᠬᠦᠴᠦᠨ ᠨᠡᠮᠡᠷᠯᠡᠷᠡᠢ ᠬᠡᠷᠪᠡ᠃       ᠯᠢ ᠳ᠋ᠦᠩ ᠯᠢᠨ ᠠᠷᠠᠳ ᠤᠨ ᠪᠠᠩᠬᠢ᠂ ᠲᠠᠷᠢᠶᠠᠯᠠᠩ ᠤᠨ ᠪᠠᠩᠬᠢ ᠳᠤ ᠢᠷᠡᠵᠦ᠂ ᠵᠢᠯ ᠤᠨ ᠡᠴᠦᠰ ᠤᠨ ᠶᠡᠷᠦᠩᠬᠡᠢ ᠳ᠋ᠥᠩᠨᠡᠯᠲᠡ ᠶᠢᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠵᠢᠯ ᠤᠨ ᠡᠴᠦᠰ ᠤᠨ ᠶᠡᠷᠦᠩᠬᠡᠢ ᠳ᠋ᠥᠩᠨᠡᠯᠲᠡ ᠶᠢᠨ ᠠᠵᠢᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠮᠠᠨ ᠤ ᠬᠤᠰᠢᠭᠤᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠡᠭᠦᠨ ᠤ ᠬᠠᠮᠲᠤ ᠮᠥᠩᠭᠦᠨ ᠭᠦᠢᠯᠭᠡᠭᠡ᠂ ᠵᠣᠭᠤᠰᠤᠨ ᠤ ᠳᠦᠷᠦ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠬᠦ ᠶᠢ ᠬᠦᠰᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠪᠦᠭᠦ ᠬᠤᠰᠢᠭᠤᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠦᠷᠦᠯ ᠵᠦᠢᠯ ᠪᠠ ᠠᠷᠠᠳ ᠤᠨ ᠠᠮᠢᠳᠤᠷᠠᠯ ᠤᠨ ᠬᠦᠷᠢᠶᠡᠨ ᠳᠤ  ᠣᠷᠣᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠬᠡᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号