ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠡᠪᠦᠯ ᠤᠨ ᠲᠤᠶᠢᠯ ᠤᠨ ᠪᠠᠩᠰᠢ ᠪᠠᠷᠢᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/30
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠡᠪᠦᠯ ᠤᠨ ᠲᠤᠶᠢᠯ ᠤᠨ ᠪᠠᠩᠰᠢ ᠪᠠᠷᠢᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ    ᠡᠪᠦᠯ ᠤᠨ ᠲᠤᠶᠢᠯ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠮᠥᠨ ᠃ ᠪᠥᠬᠦ ᠬᠤᠰᠢᠭᠤᠨ ᠤ ᠬᠠᠷᠢ ᠭᠠᠵᠠᠷ ᠤᠨ ᠭᠠᠭᠴᠠ ᠪᠡᠶ᠎ᠡ ᠺᠠᠳ᠋ᠷ᠂ ᠰᠢᠨ᠎ᠡ ᠠᠵᠢᠯ  ᠳᠤ ᠭᠠᠷᠴᠤ ᠪᠠᠶᠢᠭ᠎ᠠ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ᠂ ︽ᠡᠪᠦᠯ ᠤᠨ ᠲᠤᠶᠢᠯ︾ ᠬᠦᠷᠴᠦ ᠢᠷᠡᠬᠦ ᠲᠠᠰᠢᠷᠠᠮ ᠳᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠬᠠᠮᠲᠤᠷᠠᠨ ︽ᠬᠠᠶᠢᠷ᠎ᠠ ᠰᠡᠳᠬᠢᠯᠭᠡ ᠲᠠᠢ ᠪᠠᠩᠰᠢ᠂ ᠡᠪᠦᠯ ᠤᠨ ᠲᠤᠶᠢᠯ  ᠢ  ᠳᠤᠯᠠᠭᠠᠴᠠᠭᠤᠯᠤᠨ᠎ᠠ︾᠎  ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠰᠣᠶᠣᠯ ᠤᠨ ᠠᠮᠢᠳᠤᠷᠠᠯ ᠢ ᠡᠳ᠋ᠯᠡᠵᠦ᠂ ᠬᠠᠶᠢᠷ᠎ᠠ ᠬᠠᠯᠠᠮᠵᠢ ᠪᠠᠨ ᠺᠠᠳ᠋ᠷ ᠠᠵᠢᠯᠲᠠᠨ ᠤ ᠰᠡᠳᠬᠢᠯ ᠳᠤ ᠬᠠᠳᠠᠩᠰᠢᠭᠤᠯᠤᠨ᠎ᠠ᠃     ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠺᠠᠳ᠋ᠷ ᠠᠵᠢᠯᠲᠠᠳ  ᠨᠢᠭᠡ ᠲᠠᠩᠬᠢᠮ ᠳᠤ ᠴᠤᠭᠯᠠᠷᠠᠵᠤ᠂ ᠣᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠪᠠᠩᠰᠢ ᠪᠠᠷᠢᠬᠤ ᠶᠢᠨ  ᠳᠠᠭᠠᠤ ᠪᠠᠶᠠᠷ ᠬᠦᠷ ᠲᠠᠢ  ᠶᠠᠷᠢᠯᠴᠠᠨ ᠵᠤᠭᠤᠭᠳᠠᠯ᠎ᠠ ᠃  ᠪᠤᠭᠤᠭᠰᠠᠨ ᠪᠠᠩᠰᠢ ᠶᠢ ᠮᠠᠰᠢ ᠲᠦᠷᠭᠡᠨ ᠢᠶᠠᠷ ᠰᠢᠷᠡᠭᠡ ᠳᠦᠭᠦᠷᠡᠩ  ᠵᠢᠭᠰᠠᠭᠠᠨ᠂ ᠶᠠᠩᠵᠤ ᠪᠦᠷᠢ ᠶᠢᠨ ᠥᠪᠡᠷᠮᠢᠴᠡ ᠣᠨᠴᠠᠯᠢᠭ ᠲᠠᠢ ᠪᠠᠶᠢᠯ᠎ᠠ᠃  ᠦᠳᠡ ᠶᠢᠨ ᠬᠤᠭᠤᠯᠠᠨ ᠤ ᠦᠶ᠎ᠡ ᠪᠠᠷ᠂ ᠪᠥᠬᠦ ᠬᠤᠰᠢᠭᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠪᠣᠯᠣᠨ ᠡᠯ᠎ᠡ ᠪᠠᠶᠢᠭᠤᠯᠤᠯᠭ᠎ᠠ ᠶᠢᠨ ᠬᠠᠷᠢ ᠭᠠᠵᠠᠷ ᠲᠤ  ᠪᠠᠶᠢᠭ᠎ᠠ ᠭᠠᠭᠴᠠ ᠪᠡᠶ᠎ᠡ ᠺᠠᠳ᠋ᠷ ᠠᠵᠢᠯᠲᠠᠳ ᠪᠣᠯᠵᠤᠭ᠎ᠠ ᠶᠣᠰᠣᠭᠠᠷ ᠬᠦᠷᠦᠯᠴᠡᠨ ᠢᠷᠡᠵᠦ᠂ ᠪᠠᠩᠰᠢ ᠎ ᠪᠠᠨ ᠠᠶᠠᠭᠠᠯᠠᠨ᠂  ᠠᠮᠳᠠᠳᠠᠢ ᠰᠠᠶᠢᠬᠠᠨ ᠪᠠᠩᠰᠢ ᠶᠢ ᠢᠳᠡᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠲᠦᠬᠦᠷᠡᠩ ᠪᠠᠶᠢᠵᠤ ᠬᠠᠶᠢᠷ᠎ᠠ ᠬᠠᠯᠤᠮᠵᠢ ᠪᠢᠯᠬᠠᠮ᠎ᠡ  ᠪᠠᠶᠢᠯ᠎ᠠ᠃   ᠲᠤᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ ᠪᠠᠳᠠᠷᠠᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠵᠤ᠂ ᠡᠪᠦᠯ ᠤᠨ ᠲᠤᠶᠢᠯ ᠤᠨ ᠪᠠᠶᠠᠷ ᠤᠨ ᠡᠳᠦᠷ ᠤᠨ ᠠᠭᠤᠷ ᠠᠮᠢᠰᠬᠤᠯ ᠎ ᠢ ᠨᠡᠮᠡᠭᠳᠡᠭᠦᠯᠦᠭᠰᠡᠨ ᠎ ᠢᠶᠠᠷ ᠪᠠᠷᠠᠬᠤ ᠦᠭᠡᠢ᠂ ᠨᠡᠩ ᠴᠤ ᠡᠯ᠎ᠡ ᠨᠢᠭᠡᠴᠡ ᠶᠢᠨ ᠺᠠᠳ᠋ᠷ ᠠᠵᠢᠯᠲᠠᠨ ᠤ ᠬᠤᠭᠤᠷᠣᠨᠳᠣᠬᠢ ᠬᠠᠷᠢᠴᠠᠭ᠎ᠠ ᠎ ᠶᠢ ᠤᠯᠠᠮ ᠨᠢᠭᠲᠠ ᠪᠤᠯᠭᠠᠵᠤ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ  ᠤᠯᠠᠨ ᠤᠨ ᠳᠤᠮᠳᠠ ᠳᠠᠮᠵᠢᠭᠤᠯᠤᠭᠰᠠᠨ ᠪᠠᠶᠢᠨ᠎ᠠ᠃  
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号