ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠬᠤᠰᠢᠭᠤᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠡᠪᠦᠯ ᠤᠨ ᠲᠤᠶᠢᠯ ᠤᠨ ᠪᠠᠩᠰᠢ ᠪᠠᠷᠢᠵᠤ ᠬᠠᠶᠢᠷ᠎ᠠ ᠬᠠᠯᠠᠮᠵᠢ ᠬᠦᠷᠭᠡᠬᠦ | ᠠᠵᠢᠯᠯᠠᠭ᠎ᠠ ᠥᠷᠨᠢᠭᠦᠯᠪᠡ | ᠡᠪᠦᠯ ᠤᠨ ᠲᠤᠶᠢᠯ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠮᠥᠨ ᠃ ᠪᠥᠬᠦ | ᠬᠤᠰᠢᠭᠤᠨ ᠤ ᠬᠠᠷᠢ ᠭᠠᠵᠠᠷ ᠤᠨ ᠭᠠᠭᠴᠠ ᠪᠡᠶ᠎ᠡ ᠺᠠᠳ᠋ᠷ᠂ ᠰᠢᠨ᠎ᠡ ᠠᠵᠢᠯ ᠳᠤ ᠭᠠᠷᠴᠤ ᠪᠠᠶᠢᠭ᠎ᠠ | ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠬᠦ ᠶᠢᠨ ᠲᠥᠯᠥᠭᠡ᠂ ︽ᠡᠪᠦᠯ ᠤᠨ ᠲᠤᠶᠢᠯ︾ ᠬᠦᠷᠴᠦ ᠢᠷᠡᠬᠦ ᠲᠠᠰᠢᠷᠠᠮ ᠳᠤ ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ | ᠰᠤᠷᠭᠠᠭᠤᠯᠢ ᠬᠠᠮᠲᠤᠷᠠᠨ ︽ᠬᠠᠶᠢᠷ᠎ᠠ ᠰᠡᠳᠬᠢᠯᠭᠡ ᠲᠠᠢ ᠪᠠᠩᠰᠢ᠂ ᠡᠪᠦᠯ ᠤᠨ ᠲᠤᠶᠢᠯ ᠢ ᠳᠤᠯᠠᠭᠠᠴᠠᠭᠤᠯᠤᠨ᠎ᠠ︾ | ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠰᠣᠶᠣᠯ ᠤᠨ | ᠠᠮᠢᠳᠤᠷᠠᠯ ᠢ ᠡᠳ᠋ᠯᠡᠵᠦ᠂ ᠬᠠᠶᠢᠷ᠎ᠠ ᠬᠠᠯᠠᠮᠵᠢ ᠪᠠᠨ ᠺᠠᠳ᠋ᠷ ᠠᠵᠢᠯᠲᠠᠨ ᠤ ᠰᠡᠳᠬᠢᠯ ᠳᠤ ᠬᠠᠳᠠᠩᠰᠢᠭᠤᠯᠤᠨ᠎ᠠ᠃ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠺᠠᠳ᠋ᠷ ᠠᠵᠢᠯᠲᠠᠳ ᠨᠢᠭᠡ ᠲᠠᠩᠬᠢᠮ ᠳᠤ ᠴᠤᠭᠯᠠᠷᠠᠵᠤ᠂ ᠣᠯᠠᠨ ᠢᠶᠠᠷ ᠢᠶᠠᠨ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠪᠠᠩᠰᠢ ᠪᠠᠷᠢᠬᠤ ᠶᠢᠨ ᠳᠠᠭᠠᠤ | ᠪᠠᠶᠠᠷ ᠬᠦᠷ ᠲᠠᠢ ᠶᠠᠷᠢᠯᠴᠠᠨ ᠵᠤᠭᠤᠭᠳᠠᠯ᠎ᠠ ᠃ ᠪᠤᠭᠤᠭᠰᠠᠨ ᠪᠠᠩᠰᠢ ᠶᠢ ᠮᠠᠰᠢ ᠲᠦᠷᠭᠡᠨ ᠢᠶᠠᠷ ᠰᠢᠷᠡᠭᠡ ᠳᠦᠭᠦᠷᠡᠩ | ᠵᠢᠭᠰᠠᠭᠠᠨ᠂ ᠶᠠᠩᠵᠤ ᠪᠦᠷᠢ ᠶᠢᠨ ᠥᠪᠡᠷᠮᠢᠴᠡ ᠣᠨᠴᠠᠯᠢᠭ ᠲᠠᠢ ᠪᠠᠶᠢᠯ᠎ᠠ᠃ ᠦᠳᠡ ᠶᠢᠨ ᠬᠤᠭᠤᠯᠠᠨ ᠤ ᠦᠶ᠎ᠡ ᠪᠠᠷ᠂ | ᠪᠥᠬᠦ ᠬᠤᠰᠢᠭᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ | ᠬᠥᠳᠡᠯᠮᠦᠷᠢᠴᠢᠨ ᠪᠣᠯᠣᠨ ᠡᠯ᠎ᠡ ᠪᠠᠶᠢᠭᠤᠯᠤᠯᠭ᠎ᠠ ᠶᠢᠨ ᠬᠠᠷᠢ ᠭᠠᠵᠠᠷ ᠲᠤ ᠪᠠᠶᠢᠭ᠎ᠠ ᠭᠠᠭᠴᠠ ᠪᠡᠶ᠎ᠡ ᠺᠠᠳ᠋ᠷ ᠠᠵᠢᠯᠲᠠᠳ | ᠪᠣᠯᠵᠤᠭ᠎ᠠ ᠶᠣᠰᠣᠭᠠᠷ ᠬᠦᠷᠦᠯᠴᠡᠨ ᠢᠷᠡᠵᠦ᠂ ᠪᠠᠩᠰᠢ ᠪᠠᠨ ᠠᠶᠠᠭᠠᠯᠠᠨ᠂ ᠠᠮᠳᠠᠳᠠᠢ ᠰᠠᠶᠢᠬᠠᠨ ᠪᠠᠩᠰᠢ ᠶᠢ ᠢᠳᠡᠨ᠂ | ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠲᠦᠬᠦᠷᠡᠩ ᠪᠠᠶᠢᠵᠤ ᠬᠠᠶᠢᠷ᠎ᠠ ᠬᠠᠯᠤᠮᠵᠢ ᠪᠢᠯᠬᠠᠮ᠎ᠡ ᠪᠠᠶᠢᠯ᠎ᠠ᠃ | ᠲᠤᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ ᠪᠠᠳᠠᠷᠠᠭᠤᠯᠵᠤ᠂ | ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠵᠤ᠂ ᠡᠪᠦᠯ ᠤᠨ ᠲᠤᠶᠢᠯ ᠤᠨ ᠪᠠᠶᠠᠷ ᠤᠨ ᠡᠳᠦᠷ ᠤᠨ ᠠᠭᠤᠷ | ᠠᠮᠢᠰᠬᠤᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠡᠯ᠎ᠡ ᠨᠢᠭᠡᠴᠡ ᠶᠢᠨ ᠺᠠᠳ᠋ᠷ ᠠᠵᠢᠯᠲᠠᠨ ᠤ | ᠬᠤᠭᠤᠷᠣᠨᠳᠣᠬᠢ ᠬᠠᠷᠢᠴᠠᠭ᠎ᠠ ᠶᠢ ᠤᠯᠠᠮ ᠨᠢᠭᠲᠠ ᠪᠤᠯᠭᠠᠵᠤ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠤᠯᠠᠨ ᠤᠨ ᠳᠤᠮᠳᠠ ᠳᠠᠮᠵᠢᠭᠤᠯᠤᠭᠰᠠᠨ ᠪᠠᠶᠢᠨ᠎ᠠ᠃ | | | |