ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ ᠶᠢᠨ ᠳᠠᠷᠤᠭ᠎ᠠ ᠵᠣᠣ ᠬᠦᠶ ᠵᠢᠶᠦ᠋ᠨ ᠨᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/12/8
ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ ᠶᠢᠨ ᠳᠠᠷᠤᠭ᠎ᠠ ᠵᠣᠣ ᠬᠦᠶ ᠵᠢᠶᠦ᠋ᠨ ᠨᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ     12 ᠳ᠋ᠤᠭᠠᠷ ᠰᠠᠷ᠎ᠠ ᠶᠢᠨ 20᠎ ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠡᠷᠦᠩᠬᠡᠢ ᠠᠩᠭᠢ ᠶᠢᠨ ᠳᠠᠷᠤᠭ᠎ᠠ ᠵᠣᠣ ᠬᠦᠶ ᠵᠢᠶᠦ᠋ᠨ ᠨᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃      ᠵᠣᠣ ᠬᠦᠶ ᠵᠢᠶᠦ᠋ᠨ ᠨᠠᠷ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠳᠤᠭᠤᠶᠢᠯᠠᠩ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠠᠩᠰᠠᠨ ᠡᠷᠦᠬᠡ ᠶᠢ ᠳᠣᠲᠣᠨᠣ ᠪᠠᠷ ᠲᠣᠬᠤᠨᠢᠭᠤᠯᠵᠤ᠂ ᠠᠵᠢᠯ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠠᠰᠠᠭᠤᠨ ᠯᠠᠪᠯᠠᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠠᠶᠢᠴᠠᠭᠠᠯᠲᠠ ᠶᠢᠨ ᠠᠩᠭᠢ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠤᠭᠤᠳᠴᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠶᠠᠷᠢᠯᠴᠠᠨ ᠰᠣᠯᠢᠯᠴᠠᠪᠠ᠃ ᠡᠨᠡ ᠬᠤᠭᠤᠴᠠᠭᠠᠨ ᠳᠤ᠂ ᠵᠤᠤ ᠬᠦᠢ ᠵᠢᠶᠦ᠋ᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯᠯᠠᠬᠤ ᠠᠩᠬᠢ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃     ᠵᠤᠤ ᠬᠦᠢ ᠵᠢᠶᠦ᠋ᠨ‌‍ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯᠯᠠᠬᠤ ᠠᠩᠬᠢ ᠶᠢᠨ ᠬᠢᠭᠰᠡᠨ ᠠᠵᠢᠯ  ᠢ ᠭᠦᠢᠴᠡᠳ ᠨᠤᠲᠠᠯᠠᠵᠤ  ᠳᠠᠭᠠᠤ ᠴᠢᠬᠤᠯᠠᠴᠢᠯᠠᠭᠰᠠᠨ ᠨᠢ᠄ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ  ᠳᠡᠬᠡᠭᠰᠢᠯᠡᠬᠦᠯᠵᠦ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠤᠨ ᠪᠠᠶᠢᠴᠠᠭᠠᠯᠲᠠ ᠶᠢᠨ ᠠᠩᠭᠢ ᠶᠢᠨ ᠨᠠᠮ ᠤᠨ ᠪᠠᠶᠢᠭᠤᠯᠤᠯᠲᠠ ᠶᠢᠨ ︽ᠰᠢᠰᠲ᠋ᠧᠮ ᠪᠠ ᠬᠡᠰᠡᠭ ᠢ ᠤᠶᠠᠯᠳᠤᠭᠤᠯᠬᠤ︾ ᠣᠨᠴᠠᠯᠢᠭ ᠢ ᠭᠦᠢᠴᠡᠳ ᠪᠠᠳᠠᠷᠠᠭᠤᠯᠵᠤ᠂ ᠬᠠᠷᠢᠯᠴᠠᠨ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠡᠷᠡᠭᠲᠡᠢ᠃ ᠬᠤᠶᠠᠷ ᠲᠤ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠭᠤᠣᠯᠯᠠᠬᠤ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠠᠵᠢᠯ ᠢ ᠪᠠᠲᠤᠳᠬᠠᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠬᠦ ᠪᠠ ᠵᠠᠯᠬᠠᠭᠠᠨ ᠰᠢᠳᠭᠡᠵᠦ᠂ ᠰᠢᠯᠢᠳᠡᠭ ᠦᠢᠯᠡᠴᠢᠯᠡᠭᠡ ᠬᠠᠩᠭᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠪᠦᠲᠦᠮᠵᠢᠲᠡᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ᠭᠤᠷᠪᠠ ᠳᠤ᠂ ᠠᠵᠢᠯ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ︽ᠭᠤᠷᠪᠠᠨ ᠴᠢᠬᠤᠯᠠ ᠨᠢᠭᠡ ᠶᠡᠭᠡ︾ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ᠂ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠰᠡᠷᠡᠮᠵᠢ ᠶᠢᠨ ᠬᠤᠩᠬᠤ ᠶᠢ ᠬᠡᠵᠢᠶᠡᠳᠡ ᠬᠠᠩᠭᠢᠨᠠᠭᠤᠯᠤᠨ᠎ᠠ᠃ ᠳᠥᠷᠪᠡ ᠳᠤ ᠡᠩᠨᠡᠭᠡᠨ ᠤ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ᠂ ᠦᠵᠡᠯ ᠤᠬᠠᠮᠰᠠᠷ ᠤᠨ ᠬᠡᠯᠪᠡᠷᠢ ᠪᠣᠯᠣᠨ ᠤᠶᠤᠨ ᠤ ᠪᠣᠯᠪᠠᠰᠤᠨ ᠵᠡᠷᠭᠡ ᠠᠵᠢᠯ ᠢ ᠴᠢᠨᠠᠭᠰᠢᠳᠠ ᠰᠠᠶᠢᠲᠤᠷ ᠠᠳᠬᠤᠵᠤ᠂ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠭᠤ ᠺᠠᠳ᠋ᠷᠴᠤᠳ ᠢ ᠬᠥᠮᠥᠵᠢᠭᠦᠯᠬᠦ ᠶᠢ ᠴᠢᠩᠭᠠᠳᠬᠠᠨ᠎ᠠ᠃     ᠰᠢᠯᠢ ᠶᠢᠨ ᠭᠤᠣᠯ ᠠᠶᠢᠮᠠᠭ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠢ ᠶᠢᠨ ᠭᠤᠣᠯ ᠤᠨ ᠪᠠᠶᠢᠴᠠᠭᠠᠯᠲᠠ ᠶᠢᠨ ᠠᠩᠭᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号