ᠰᠢᠯᠤᠭᠤᠨ ᠬᠥᠪᠡᠭᠡᠲᠦ ᠴᠠᠭᠠᠨ ᠬᠤᠰᠢᠭᠤ᠄  ᠠᠷᠪᠢᠯᠠᠨ ᠭᠠᠮᠨᠠᠬᠤ ᠶᠢ ᠡᠷᠬᠢᠮᠯᠡᠶ᠎ᠡ
ᠨᠡᠶᠢᠲᠡᠯᠡᠭᠰᠡᠨ ᠴᠠᠭ᠄
2023/5/26
ᠰᠢᠯᠤᠭᠤᠨ ᠬᠥᠪᠡᠭᠡᠲᠦ ᠴᠠᠭᠠᠨ ᠬᠤᠰᠢᠭᠤ᠄  ᠠᠷᠪᠢᠯᠠᠨ ᠭᠠᠮᠨᠠᠬᠤ ᠶᠢ ᠡᠷᠬᠢᠮᠯᠡᠶ᠎ᠡ    ᠢᠳᠡᠭᠡᠨ ᠤᠮᠳᠠᠭᠠᠨ ᠤ ᠦᠢᠯᠡᠴᠢᠯᠡᠯᠬᠡ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠠᠮᠤ ᠪᠤᠳᠠᠭ᠎ᠠ ᠶᠢ ᠠᠷᠪᠢᠯᠠᠬᠤ ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠬᠡ᠂ 5 ᠰᠠᠷ᠎ᠠ ᠶᠢᠨ 24᠎ ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ︽ᠬᠤᠭᠤᠯᠠᠨ ᠭᠡᠷ ᠢ ᠰᠤᠩᠭᠤᠨ ᠪᠠᠶᠢᠴᠠᠭᠠᠬᠤ︾ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠳᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠎ ᠶᠢᠨ ᠵᠥᠪᠯᠡᠯᠭᠡᠨ ᠤ ᠭᠡᠰᠢᠭᠦᠨ᠂ ᠰᠤᠷᠪᠤᠯᠵᠢᠯᠠᠭᠴᠢ᠂ ᠬᠡᠷᠡᠭᠯᠡᠭᠴᠢᠳ ᠤᠨ ᠲᠥᠯᠥᠭᠡᠯᠡᠭᠴᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠢ ᠤᠷᠢᠵᠤ᠂ ᠬᠠᠷᠢᠶᠠᠲᠤ ᠣᠷᠣᠨ ᠤ ᠪᠠᠨ 2 ᠬᠤᠷᠢᠮ ᠳᠠᠶᠢᠯᠠᠯᠭ᠎ᠠ ᠶᠢ ᠳᠠᠭᠠᠭᠠᠨ ᠬᠢᠬᠦ ᠢᠳᠡᠭᠡᠨ ᠤᠮᠳᠠᠭᠠᠨ ᠤ ᠨᠢᠭᠡᠴᠡ᠂ 2 ᠰᠤᠷᠭᠠᠭᠤᠯᠢ ᠶᠢᠨ ᠬᠤᠭᠤᠯᠠᠨ ᠭᠡᠷ ᠵᠢᠴᠢ 2 ︽ᠰᠦᠯᠵᠢᠶᠡᠨ ᠤ ᠬᠠᠯᠠᠮᠰᠢᠯ ᠬᠤᠭᠤᠯᠠᠨ ᠭᠡᠷ︾᠎ ᠢ ᠪᠠᠶᠢᠴᠠᠭᠠᠬᠤ ᠡᠲᠡᠭᠡᠳ ᠢᠶᠠᠨ ᠪᠣᠯᠭᠠᠵᠤ᠂ ᠲᠤᠬᠠᠢ  ᠎ ᠶᠢᠨ ᠭᠠᠵᠠᠷ ᠲᠤᠨᠢ ᠬᠢᠨᠠᠯᠲᠠ ᠲᠠᠯᠪᠢᠵᠤ ᠪᠠᠶᠢᠴᠠᠭᠠᠪᠠ᠃    ᠠᠵᠢᠯᠯᠠᠭ᠎ᠠ ᠥᠷᠨᠢᠭᠦᠯᠦᠭᠰᠡᠨ ᠲᠤᠬᠠᠢ ᠶᠢᠨ ᠲᠠᠯᠠᠪᠠᠶ ᠳᠤ᠂ ᠭᠤᠣᠯᠳᠠᠭᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠡᠵᠡᠩᠨᠡᠯᠲᠡ ᠶᠢᠨ ᠬᠢᠷᠢ ᠬᠡᠮ᠂ ᠬᠠᠮᠢᠶᠠᠷᠤᠯᠲᠠ ᠶᠢᠨ ᠳᠦᠷᠢᠮ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠢᠯᠧᠲ ᠭᠡᠷᠡᠴᠢ ᠠᠪᠬᠤ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ᠂ ᠪᠣᠯᠪᠠᠰᠤᠷᠠᠭᠤᠯᠵᠤ ᠦᠢᠯᠡᠳᠬᠦ ᠶᠠᠪᠤᠴᠠ ᠵᠢᠴᠢ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠪᠠᠶᠢᠴᠠᠭᠠᠯᠲᠠ ᠬᠢᠪᠡ᠃ ᠡᠭᠦᠨ ᠤ ᠬᠠᠮᠲᠤ ᠢᠳᠡᠭᠡᠨ ᠤᠮᠳᠠᠭᠠᠨ ᠤ ᠪᠦᠷᠢᠯᠭᠡᠯᠲᠡ ᠶᠢ ᠬᠤᠷᠢᠭᠯᠠᠬᠤ ᠶᠢᠨ ᠴᠢᠬᠤᠯᠠ ᠴᠢᠨᠠᠷ ᠢ ᠰᠢᠰᠲ᠋ᠧᠮ ᠲᠠᠢ ᠲᠠᠶᠢᠯᠪᠤᠷᠢᠯᠠᠵᠤ᠂ ᠢᠳᠡᠭᠡᠨ ᠤᠮᠳᠠᠭᠠᠨ ᠤ ᠪᠦᠷᠢᠯᠭᠡᠯᠲᠡ ᠶᠢᠨ ᠦᠵᠡᠭᠳᠡᠯ ᠤᠨ ᠰᠢᠯᠲᠠᠭᠠᠨ ᠢ ᠵᠠᠳᠠᠯᠵᠤ᠂ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ᠂ ᠪᠣᠯᠪᠠᠰᠤᠷᠠᠭᠤᠯᠬᠤ ᠪᠦᠬᠦ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠠᠪᠤᠳᠠᠯ ᠢ ᠠᠵᠢᠯ ᠡᠷᠬᠢᠯᠡᠭᠰᠡᠳ ᠤᠨ ᠪᠣᠯᠪᠠᠰᠤᠷᠠᠯ ᠤᠨ ᠠᠭᠤᠯᠭ᠎ᠠ ᠳᠤ ᠣᠷᠣᠭᠤᠯᠬᠤ ᠪᠠᠷ ᠳᠤᠷᠠᠳᠪᠠ᠃ ᠰᠠᠨᠠᠭᠠᠴᠢᠯᠠᠭ᠎ᠠ ᠠᠴᠠ ᠪᠠᠨ ᠬᠡᠷᠡᠭᠯᠡᠭᠴᠢᠳ ᠲᠤ ᠠᠷᠪᠢᠯᠠᠨ ᠭᠠᠮᠨᠠᠬᠤ ᠰᠠᠨᠠᠭᠤᠯᠤᠮᠵᠢ ᠥᠭᠴᠦ᠂ ᠢᠯᠡᠬᠡᠨ ᠭᠠᠵᠠᠷ ᠲᠤ ᠢᠳᠡᠭᠡᠨ ᠤ ᠪᠦᠷᠢᠯᠭᠡᠬᠦ ᠶᠢ ᠡᠰᠡᠷᠭᠦᠴᠡᠬᠦ ᠲᠡᠮᠳᠡᠭ  ᠲᠠᠯᠪᠢᠨ᠂᡽ᠬᠡᠷᠡᠭᠯᠡᠭᠴᠢᠳ ᠲᠤ ︽ᠪᠠᠭ᠎ᠠ ᠬᠤᠪᠢ ᠶᠢᠨ ᠨᠣᠭᠤᠭ᠎ᠠ︾᠎ ᠶᠢ ᠲᠠᠨᠢᠯᠴᠠᠭᠤᠯᠵᠤ᠂ ᠰᠦᠢᠳᠬᠡᠯ ᠬᠤᠷᠢᠶᠠᠬᠤ ᠦᠭᠡᠢ ᠪᠠᠷ ᠪᠣᠭᠤᠳᠠᠯᠯᠠᠬᠤ ᠦᠢᠯᠡᠴᠢᠯᠡᠭᠡ ᠶᠢ ᠰᠠᠨᠠᠭᠠᠴᠢᠯᠠᠭ᠎ᠠ ᠎ ᠠᠴᠠ ᠪᠠᠨ ᠬᠠᠩᠭᠠᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠦᠵᠡᠯᠲᠡ ᠶᠢ ᠬᠤᠭᠤᠯᠠᠨ ᠵᠢᠷᠤᠭ ᠲᠥᠯᠥᠪᠯᠡᠭᠡ ᠳᠤ ᠣᠷᠣᠭᠤᠯᠬᠤ ᠵᠡᠷᠭᠡ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠪᠣᠳᠠᠲᠠᠢ ᠣᠷᠳᠣ ᠬᠤᠭᠤᠴᠠᠭᠠᠨ ᠤ ᠪᠦᠲᠦᠮᠵᠢᠲᠡᠶ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃    ᠲᠣᠰ ᠤᠳᠠᠭᠠᠨ ᠤ ᠠᠵᠢᠯᠯᠠᠭ᠎ᠠ ᠳᠤ ︽ᠢᠯᠡ ᠲᠣᠳᠣ ᠬᠠᠤᠯᠢ ᠬᠡᠷᠡᠭᠵᠢᠭᠦᠯᠬᠦ︾ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠪᠠ ᠢᠳᠡᠭᠡᠨ ᠤᠮᠳᠠᠭᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠥᠷᠭᠡᠨ ᠢᠶᠠᠷ ᠣᠷᠣᠯᠴᠠᠭᠤᠯᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠪᠠ ᠢᠳᠡᠭᠡᠨ ᠤ ᠵᠦᠢᠯ ᠤᠨ ᠠᠮᠤᠷ ᠲᠦᠪᠰᠢᠨ ᠢ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ ᠠᠵᠢᠯᠯᠠᠭ᠎ᠠ  ᠦᠷᠭᠦᠯᠵᠢᠯᠡᠨ ᠥᠷᠨᠢᠭᠦᠯᠵᠦ᠂ ᠬᠠᠤᠯᠢ ᠶᠣᠰᠣᠭᠠᠷ ᠬᠢᠨᠠᠨ ᠬᠠᠮᠢᠶᠠᠷᠬᠤ ᠪᠠ ᠤᠬᠠᠭᠤᠯᠵᠤ ᠬᠥᠲᠥᠯᠥᠨ ᠵᠢᠯᠤᠭᠤᠳᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠡᠯ᠎ᠡ ᠢᠳᠡᠭᠡᠨ ᠤᠮᠳᠠᠭᠠᠨ ᠤ ᠨᠢᠭᠡᠴᠡ ᠶᠢ ᠰᠢᠪᠠᠳᠠᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠪᠦᠷᠢᠯᠭᠡᠬᠦ ᠶᠢ ᠡᠷᠡᠰ ᠬᠤᠷᠢᠭᠯᠠᠵᠤ᠂ ᠠᠷᠪᠢᠯᠠᠨ ᠭᠠᠮᠨᠠᠬᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠡᠪ ᠵᠠᠩᠰᠢᠯ ᠪᠣᠯᠭᠠᠨ᠎ᠠ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号