ᠰᠢᠯᠤᠭᠤᠨ ᠬᠥᠪᠡᠭᠡᠲᠦ ᠴᠠᠭᠠᠨ ᠬᠤᠰᠢᠭᠤ 2023 ᠣᠨ ᠤ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/26
    ᠰᠢᠯᠤᠭᠤᠨ ᠬᠥᠪᠡᠭᠡᠲᠦ ᠴᠠᠭᠠᠨ ᠬᠤᠰᠢᠭᠤ 2023 ᠣᠨ ᠤ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠎ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ    5 ᠰᠠᠷ᠎ᠠ ᠶᠢᠨ 25᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ 2023 ᠣᠨ ᠤ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾ ᠪᠠ ︽ᠲᠠᠪᠤᠨ ᠶᠡᠭᠡ ᠡᠬᠢᠯᠡᠯᠲᠡ ᠶᠢᠨ ᠠᠵᠢᠯ︾᠎ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠩ ᠶᠤᠸᠠᠢ ᠴᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠨᠠᠷᠡᠨᠮᠠᠨᠳᠤᠬᠤ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤᠨ ᠳᠠᠷᠤᠭ᠎ᠠ ᠬᠤᠷᠠᠯ ᠳᠤ ᠣᠷᠣᠯᠴᠠᠵᠠᠢ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ‍ᠤᠨ‌ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠡᠨᠡ ᠲᠠᠪᠤᠨ ᠶᠡᠭᠡ ᠡᠭᠦᠷᠭᠡ ᠪᠣᠯ ᠪᠢᠳᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠲᠠᠪᠤᠨ ᠶᠡᠭᠡ ᠡᠭᠦᠷᠭᠡ︾᠎ ᠶᠢ ᠰᠠᠶᠢᠲᠤᠷ ᠪᠡᠶᠡᠯᠡᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠦᠴᠦᠯᠡᠬᠦ ᠭᠤᠣᠯᠳᠠᠯᠭ᠎ᠠ ᠪᠣᠯᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠩᠭ᠎ᠠ ᠠᠩᠬᠠᠷᠴᠤ᠂ ᠮᠥᠷᠳᠡᠨ ᠰᠢᠪᠠᠳᠠᠨ ᠰᠢᠢᠳᠪᠦᠷᠢᠯᠡᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠠᠬᠢᠭᠤᠯᠬᠤ ᠬᠡᠷᠡᠭᠲᠡᠢ᠃    ᠬᠤᠷᠠᠯ ᠠᠴᠠ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠷᠴᠢᠮᠯᠢᠭ ᠪᠥᠭᠡᠳ ᠠᠷᠪᠢᠲᠠᠢ ᠬᠥᠭᠵᠢᠭᠦᠯᠬᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠮᠥᠨ ᠴᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠱᠠᠭᠠᠷᠳᠠᠯᠭ᠎ᠠ ᠪᠣᠯᠣᠨ᠎ᠠ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠰᠢᠭᠤᠨ ᠤ ᠡᠯ᠎ᠡ ᠵᠦᠢᠯ ᠤᠨ ᠦᠨᠳᠦᠰᠦᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠪᠠ᠃ ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号