2023 ᠣᠨ ᠤ 1 ︱ 4 ᠰᠠᠷ᠎ᠠ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 8.9 % ᠨᠡᠮᠡᠭᠳᠡᠪᠡ
ᠨᠡᠶᠢᠲᠡᠯᠡᠭᠰᠡᠨ ᠴᠠᠭ᠄
2023/5/26
2023 ᠣᠨ ᠤ 1 ︱ 4 ᠰᠠᠷ᠎ᠠ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 8.9 % ᠨᠡᠮᠡᠭᠳᠡᠪᠡ    2023 ᠣᠨ ᠤ 1 ︱ 4 ᠰᠠᠷ᠎ᠠ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 16354 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9%᠎ ᠪᠠᠷ ᠨᠡᠮᠡᠭᠳᠡᠨ᠂ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 0.3 ᠵᠠᠭᠤᠨ ᠤ ᠬᠤᠪᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠪᠥᠬᠦ ᠠᠶᠢᠮᠠᠭ ᠤᠨ ᠠᠷᠪᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠠᠪᠤᠳᠤᠭᠠᠷ ᠲᠤ ᠣᠷᠣᠪᠠ᠃ ᠪᠣᠷᠤᠯᠠᠭᠤᠯᠭ᠎ᠠ ᠶᠢᠨ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 14125 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.1%᠎ ᠪᠠᠷ ᠨᠡᠮᠡᠭᠳᠡᠪᠡ ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 2229 ᠲᠦᠮᠡᠨ ᠲᠥᠭᠦᠷᠢᠭ ᠲᠤᠬᠦᠷᠴᠦ᠂ ᠠᠳᠠᠯᠢ ᠬᠤᠭᠤᠴᠠᠭᠠᠨ ᠤ ᠬᠢ ᠠᠴᠠ 7.7%᠎ ᠪᠠᠷ ᠨᠡᠮᠡᠭᠳᠡᠪᠡ᠃ ᠠᠵᠢᠯ ᠲᠥᠷᠥᠯ ᠢᠶᠠᠷ ᠨᠢ ᠬᠤᠪᠢᠶᠠᠪᠠᠯ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 14476 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ 1878 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.5% ᠨᠡᠮᠡᠭᠳᠡᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号