ᠰᠢᠯᠤᠭᠤᠨ ᠬᠥᠪᠡᠭᠡᠲᠦ ᠴᠠᠭᠠᠨ ᠬᠤᠰᠢᠭᠤ ᠠᠩᠬᠠᠳᠤᠭᠠᠷ ᠬᠤᠭᠤᠴᠠᠭᠠᠨ ᠤ ︽ᠣᠳᠣᠨ ᠬᠢᠯᠪᠠᠭᠠᠲᠤ ᠨᠤᠲᠤᠭ ︾ ᠭᠡᠬᠦ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/5/31
ᠰᠢᠯᠤᠭᠤᠨ ᠬᠥᠪᠡᠭᠡᠲᠦ ᠴᠠᠭᠠᠨ ᠬᠤᠰᠢᠭᠤ ᠠᠩᠬᠠᠳᠤᠭᠠᠷ ᠬᠤᠭᠤᠴᠠᠭᠠᠨ ᠤ ︽ᠣᠳᠣᠨ ᠬᠢᠯᠪᠠᠭᠠᠲᠤ ᠨᠤᠲᠤᠭ︾ ᠭᠡᠬᠦ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠬᠢᠪᠡ    5 ᠰᠠᠷ᠎ᠠ ᠶᠢᠨ 29᠎ ᠤ ᠡᠳᠦᠷ᠂ ᠮᠠᠨ ᠤ ᠬᠤᠰᠢᠭᠤ ᠠᠩᠬᠠᠳᠤᠭᠠᠷ ᠬᠤᠭᠤᠴᠠᠭᠠᠨ ᠤ ︽ᠣᠳᠣᠨ ᠬᠢᠯᠪᠠᠭᠠᠲᠤ ᠨᠤᠲᠤᠭ︾ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠬᠤ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃   ᠬᠤᠷᠠᠯ ᠳᠡᠭᠡᠷ᠎ᠡ᠂ ᠬᠤᠯᠪᠣᠭᠳᠠᠯ ᠪᠦᠬᠦᠢ ᠲᠤᠰᠬᠠᠢ ᠠᠵᠢᠯ ᠤᠨ ᠳᠤᠭᠤᠶᠢᠯᠠᠩ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠶᠡᠭᠡ ᠬᠤᠷᠠᠯ ᠤᠨ ᠪᠡᠯᠡᠳᠬᠡᠯ ᠠᠵᠢᠯ ᠤᠨ ᠲᠣᠭᠤᠷᠢᠨ ᠳᠤ ᠶᠠᠷᠢᠯᠴᠠᠪᠠ᠃   ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠ ᠴᠠᠭ ᠬᠤᠭᠤᠴᠠᠭ᠎ᠠ ᠶᠢ ᠡᠵᠡᠮᠳᠡᠵᠦ᠂ ᠬᠠᠷᠠᠯᠲᠠ ᠡᠭᠦᠷᠭᠡ ᠶᠢ ᠤᠷᠢᠳᠴᠢᠯᠠᠨ ᠲᠥᠯᠥᠪᠵᠢᠭᠦᠯᠵᠦ᠂ ᠲᠤᠰ ᠲᠤᠰ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯᠲᠠᠨ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ ᠬᠤᠷᠠᠯ ᠤᠨ ᠳᠠᠷᠠᠭ᠎ᠠ ᠬᠠᠮᠤᠭ ᠤᠨ ᠲᠡᠷᠢᠭᠦᠨ ᠳᠤ ᠲᠥᠰᠥᠯ ᠪᠠ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠵᠤ᠂ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡ᠂ ᠲᠠᠯᠠᠪᠤᠷ ᠤᠨ ᠪᠦᠲᠦᠬᠡᠨ ᠪᠠᠶᠢᠭᠤᠯᠤᠯᠲᠠ᠂ ᠤᠬᠠᠭᠤᠯᠤᠨ ᠮᠡᠳᠡᠭᠡᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠯ᠎ᠡ ᠭᠤᠭᠴᠤᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠲᠣᠰ ᠤᠳᠠᠭᠠᠨ ᠤ ᠨᠠᠭᠠᠳᠤᠮ ᠤᠨ ᠡᠯ᠎ᠡ ᠵᠦᠢᠯ ᠤᠨ ᠠᠵᠢᠯ ᠤᠨ ᠠᠭᠤᠯᠭ᠎ᠠ ᠶᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ ᠲᠠᠢ ᠪᠠᠷ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠡᠷᠳᠡᠨᠢᠪᠠᠭᠠᠲᠤᠷ᠂ ᠪᠤᠯᠠᠭ᠂ ᠵᠠᠩ ᠶᠤᠸᠠᠢ ᠴᠧᠩ᠂ ᠯᠢᠦ ᡁᠢ ᠦ᠋᠂ ᠰᠦᠨ ᠶᠢᠨ ᠭᠦᠸᠧ᠂ ᠴᠡᠩᠬᠡᠯ᠂ ᠦᠯᠵᠠᠶᠢᠮᠡᠨᠳᠦ᠂ ᠵᠠᠩ ᠠᠢ ᠯᠦᠩ᠂ ᠯᠢᠦ ᠴᠢᠤᠸᠠᠨ ᠹᠦ᠋᠂ ᠰᠦᠬᠡ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号