ᠡᠷᠳᠡᠨᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/5/31
ᠡᠷᠳᠡᠨᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ    5 ᠰᠠᠷ᠎ᠠ ᠶᠢᠨ 29᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠷᠳᠡᠨᠢ ᠴᠢᠶᠠᠨᠵᠢᠨᠳᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠨᠤᠵᠢᠨ ᠤ ᠨᠡᠭᠦᠷᠡᠰᠦᠲᠥ᠋ᠷᠥᠭᠴᠢ ᠡᠳ᠋ ᠤᠨ ᠬᠢᠵᠠᠭᠠᠷᠲᠤ ᠺᠣᠮᠫᠠᠨᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠨ᠎ᠠ᠃    ᠴᠢᠶᠠᠨ‌ᠵᠢᠨ ᠳ᠋ᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠡᠷᠳᠡᠨᠢ ᠬᠤᠳᠳᠤᠭ ᠳᠣᠣᠷᠠᠬᠢ ᠠᠵᠢᠯ ᠎ ᠤᠨ ᠳᠤᠭᠤᠷᠢᠭ ᠲᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠷᠭ᠎ᠠ ᠪᠠᠷ ᠡᠳᠦᠷ ᠪᠦᠷᠢ ᠶᠢᠨ ᠬᠤᠳᠳᠤᠭ ᠲᠤ ᠠᠵᠢᠯᠯᠠᠬᠤ ᠬᠥᠮᠥᠨ ᠤ ᠲᠤᠭ᠎ᠠ᠂ ᠠᠭᠤᠷᠬᠠᠢ ᠶᠢᠨ ᠬᠤᠳᠳᠤᠭ ᠤᠨ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠡᠷᠳᠡᠨᠢ ᠵᠢᠭᠠᠵᠤ ᠭᠠᠷᠭᠠᠬᠤ ᠳᠠᠭᠠᠨ᠂ ᠠᠵᠤ ᠠᠬᠤᠶᠢᠯᠠᠯ ᠤᠨ ᠬᠢᠨ ᠤᠯᠠᠭᠠᠨ ᠱᠤᠭᠤᠮ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠦᠷᠡᠰᠦᠨ ᠤ ᠠᠭᠤᠷᠬᠠᠢ ᠶᠢᠨ ᠪᠤᠰᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠨᠡᠭᠦᠷᠡᠰᠦᠨ ᠤ ᠠᠭᠤᠷᠬᠠᠢ ᠵᠢᠨ‌‍ᠪᠤᠰᠤ ᠬᠦᠨᠳᠦ ᠶᠡᠭᠡ ᠠᠳᠡᠯ ᠤᠨ ᠭᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠠᠷᠠᠭᠠᠯᠠᠨ ᠪᠠᠶᠢᠴᠠᠭᠠᠬᠤ ᠳᠤ ᠥᠨᠴᠥᠭ ᠪᠤᠯᠤᠩ ᠦᠯᠡᠳᠡᠭᠡᠬᠦ ᠦᠭᠡᠢ᠂ ᠴᠡᠭᠴᠡᠯᠡᠨ ᠰᠠᠶᠢᠵᠢᠷᠠᠭᠤᠯᠬᠤ ᠳᠤ ᠭᠡᠮ ᠰᠣᠭᠤᠭ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ︽ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ︾᠎ ᠢ ᠪᠠᠲᠤ ᠪᠠᠶᠢᠭᠤᠯᠬᠤ ᠬᠡᠷᠡᠭᠲᠡᠢ᠃    ᠨᠥᠸᠧ ᠶᠢᠨ ᠨᠡᠬᠦᠷᠡᠰᠦᠲᠦᠷᠡᠭᠴᠢᠲᠦ ᠡᠯᠧᠮᠧᠨ᠋ᠲ ᠤᠨ ᠬᠢᠵᠠᠭᠠᠷᠲᠤ ᠺᠣᠮᠫᠠᠨᠢ ᠳᠤ᠂ ᠡᠷᠳᠡᠨᠢ ᠠᠵᠤ ᠠᠬᠤᠶᠢᠯᠠᠯ ᠤᠨ ᠲᠤᠷᠰᠢᠨ ᠠᠵᠢᠯᠯᠠᠬᠤ ᠬᠤᠭᠤᠴᠠᠭᠠᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠭᠰᠠᠨ᠂ ᠭᠡᠮ ᠰᠣᠭᠤᠭ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠤᠭᠰᠠᠨ᠂ ᠵᠢᠵᠢᠭᠦᠷᠯᠡᠵᠦ ᠰᠠᠬᠢᠭᠰᠠᠨ᠂ ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠷᠳᠡᠨᠢ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠪᠣᠯ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠢ ᠦᠷᠬᠦᠯᠵᠢ ᠴᠢᠬᠤᠯᠠ ᠪᠠᠶᠢᠷᠢᠨ ᠳᠤ ᠲᠠᠯᠪᠢᠵᠤ᠂  ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠬᠦ ᠪᠠ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠤᠷ ᠲᠦᠪᠰᠢᠨ ᠢᠶᠠᠷ ᠬᠥᠭᠵᠢᠭᠦᠯᠬᠦ ᠤᠶᠢᠯᠭᠠᠭᠳᠠᠭᠤᠨ ᠢ ᠪᠣᠶ ᠪᠣᠯᠭᠠᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠨᠠᠷᠢᠨ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠪᠠᠨ ᠴᠢᠩᠭᠠᠷᠠᠭᠤᠯᠬᠤ ᠬᠡᠷᠡᠭᠲᠡᠢ᠃    ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠬᠠᠮᠲᠦ ᠪᠠᠶᠢᠴᠠᠭᠠᠯᠲᠠ ᠬᠢᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号