ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠪᠡᠳᠴᠢᠨ ᠡᠮᠬᠡᠭ ᠢ ᠰᠡᠷᠬᠡᠶᠢᠯᠡᠨ ᠬᠤᠷᠢᠭᠯᠠᠬᠤ ᠲᠣᠪᠴᠢᠶ᠎ᠠ ᠫᠠᠶᠢᠰᠠ | ᠡᠯᠬᠦᠬᠦ ᠶᠤᠰᠤᠯᠠᠯ ᠶᠠᠪᠤᠭᠳᠠᠭᠤᠯᠪᠠ | 5 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠫᠠᠶᠢᠰᠠ ᠡᠯᠬᠦᠬᠦ ᠶᠤᠰᠤᠯᠠᠯ ᠶᠠᠪᠤᠭᠳᠠᠭᠤᠯᠪᠠ᠃ | ᠵᠠᠰᠠᠭ ᠤᠨ ᠣᠷᠳᠣᠨ ᠤ ᠳᠡᠳ᠋ ᠳᠠᠷᠤᠭ᠎ᠠ ᠦᠯᠵᠠᠶᠢᠮᠡᠨᠳᠦ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠬᠤᠰᠢᠭᠤ ᠨᠠᠮ ᠤᠨ ᠬᠤᠷᠢᠶᠠᠨ ᠤ ᠣᠷᠣᠨ ᠳᠤᠭᠠᠨ ᠤ ᠪᠠᠶᠢᠭᠤᠯᠭ᠎ᠠ ᠶᠢᠨ ᠠᠯᠪᠠᠨ ᠭᠡᠷ᠂ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠫᠠᠶᠢᠰᠠ ᠡᠯᠬᠦᠬᠦ | ᠶᠣᠰᠣᠯᠠᠯ ᠳᠤ ᠣᠷᠣᠯᠴᠠᠵᠠᠢ᠃ | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠫᠠᠶᠢᠰᠠ ᠡᠯᠬᠦᠭᠰᠡᠨ ᠨᠢ ᠪᠦᠭᠦ | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠦᠢᠯᠡᠰ ᠴᠦ ᠰᠢᠨ᠎ᠡ ᠬᠥᠭᠵᠢᠯᠲᠡ ᠶᠢᠨ ᠱᠠᠲᠤᠨ ᠳᠤ | ᠣᠷᠣᠭᠰᠠᠨ ᠢ ᠬᠠᠷᠠᠭᠤᠯᠵᠤ ᠪᠠᠶᠢᠨ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠨᠢ ᠲᠠᠩ ᠭᠠᠭᠴᠠ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠰᠠᠨ ᠠᠴᠠ ᠪᠠᠨ ᠠᠷᠠᠳ | ᠲᠦᠮᠡᠨ ᠤ ᠡᠷᠡᠭᠦᠯ ᠮᠠᠨᠲᠤ ᠶᠢ ᠪᠦᠭᠦ ᠲᠠᠯ᠎ᠠ ᠪᠠᠷ ᠬᠠᠮᠠᠭᠠᠯᠠᠨ ᠠᠬᠢᠭᠤᠯᠬᠤ ᠪᠣᠯᠵᠤ᠂ ︽ᠡᠪᠡᠳᠴᠢᠨ ᠵᠠᠰᠠᠬᠤ ᠪᠠᠷ | ᠭᠤᠣᠯ ᠪᠣᠯᠭᠠᠵᠤ︾ ᠪᠠᠶᠢᠭᠰᠠᠨ ᠠᠴᠠ ᠪᠠᠨ ︽ᠠᠷᠠᠳ ᠲᠦᠮᠡᠨ ᠤ ᠡᠷᠡᠭᠦᠯ ᠮᠠᠨᠲᠤ ᠪᠠᠷ ᠭᠤᠣᠯ ᠪᠣᠯᠭᠠᠬᠤ︾ ᠳᠡᠶᠢᠰᠢ | ᠬᠤᠪᠢᠷᠠᠭᠰᠠᠨ ᠢ ᠬᠠᠷᠠᠭᠤᠯᠵᠠᠢ᠃ | ᠮᠠᠨ ᠤ ᠬᠤᠰᠢᠭᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠪᠦᠷᠢᠨ ᠲᠡᠭᠦᠯᠳᠡᠷ ᠴᠢᠳᠠᠮᠵᠢ ᠲᠠᠢ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠣᠷ | ᠰᠦᠯᠵᠢᠶ᠎ᠡ ᠶᠢ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠨᠠᠩ ᠰᠠᠶᠢᠲᠤᠷ | ᠠᠷᠭᠠᠴᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠰᠢᠨ᠎ᠡ | ᠬᠤᠪᠢ ᠨᠡᠮᠡᠷᠢ ᠦᠵᠡᠬᠦᠯᠦᠶ᠎ᠡ ︕ | | | |