ᠰᠢᠯᠤᠭᠤᠨ ᠬᠥᠪᠡᠭᠡᠲᠦ ᠴᠠᠭᠠᠨ ᠬᠤᠰᠢᠭᠤ ᠠᠩᠬᠠᠳᠤᠭᠠᠷ ᠬᠤᠭᠤᠴᠠᠭᠠᠨ ᠤ ︽ᠣᠳᠣᠨ ᠬᠢᠯᠪᠠᠭᠠᠲᠤ ᠨᠤᠲᠤᠭ︾ ᠭᠡᠬᠦ | ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ | ᠶᠡᠭᠡ ᠬᠤᠷᠠᠯ ᠤᠨ ᠪᠡᠯᠡᠳᠬᠡᠯ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠬᠢᠪᠡ | 5 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠠᠩᠬᠠᠳᠤᠭᠠᠷ ᠬᠤᠭᠤᠴᠠᠭᠠᠨ ᠤ ︽ᠣᠳᠣᠨ ᠬᠢᠯᠪᠠᠭᠠᠲᠤ | ᠨᠤᠲᠤᠭ︾ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ | ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠬᠤ ᠬᠤᠷᠠᠯ ᠬᠢᠵᠦ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠯᠪᠣᠭᠳᠠᠯ ᠪᠦᠬᠦᠢ ᠲᠤᠰᠬᠠᠢ ᠠᠵᠢᠯ ᠤᠨ ᠳᠤᠭᠤᠶᠢᠯᠠᠩ ᠪᠡᠯᠡᠳᠬᠡᠯ ᠠᠵᠢᠯ ᠤᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠶᠡᠭᠡ ᠬᠤᠷᠠᠯ ᠤᠨ ᠪᠡᠯᠡᠳᠬᠡᠯ ᠠᠵᠢᠯ ᠤᠨ | ᠲᠣᠭᠤᠷᠢᠨ ᠳᠤ ᠶᠠᠷᠢᠯᠴᠠᠪᠠ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠ ᠴᠠᠭ ᠬᠤᠭᠤᠴᠠᠭ᠎ᠠ ᠶᠢ ᠡᠵᠡᠮᠳᠡᠵᠦ᠂ | ᠬᠠᠷᠠᠯᠲᠠ ᠡᠭᠦᠷᠭᠡ ᠶᠢ ᠤᠷᠢᠳᠴᠢᠯᠠᠨ ᠲᠥᠯᠥᠪᠵᠢᠭᠦᠯᠵᠦ᠂ ᠲᠤᠰ ᠲᠤᠰ ᠤᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠠᠵᠢᠯᠲᠠᠨ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ | ᠬᠡᠷᠡᠭᠲᠡᠢ᠃ ᠬᠤᠷᠠᠯ ᠤᠨ ᠳᠠᠷᠠᠭ᠎ᠠ ᠬᠠᠮᠤᠭ ᠤᠨ ᠲᠡᠷᠢᠭᠦᠨ ᠳᠤ ᠲᠥᠰᠥᠯ ᠪᠠ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠵᠤ᠂ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡ᠂ ᠲᠠᠯᠠᠪᠤᠷ ᠤᠨ | ᠪᠦᠲᠦᠬᠡᠨ ᠪᠠᠶᠢᠭᠤᠯᠤᠯᠲᠠ᠂ ᠤᠬᠠᠭᠤᠯᠤᠨ ᠮᠡᠳᠡᠭᠡᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠯ᠎ᠡ | ᠭᠤᠭᠴᠤᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠲᠣᠰ ᠤᠳᠠᠭᠠᠨ ᠤ ᠨᠠᠭᠠᠳᠤᠮ ᠤᠨ ᠡᠯ᠎ᠡ ᠵᠦᠢᠯ ᠤᠨ ᠠᠵᠢᠯ ᠤᠨ | ᠠᠭᠤᠯᠭ᠎ᠠ ᠶᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ ᠲᠠᠢ ᠪᠠᠷ ᠰᠠᠶᠢᠲᠤᠷ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠡᠷᠳᠡᠨᠢᠪᠠᠭᠠᠲᠤᠷ᠂ ᠪᠤᠯᠠᠭ᠂ ᠵᠠᠩ ᠶᠤᠸᠠᠢ ᠴᠧᠩ᠂ ᠯᠢᠦ ᡁᠢ ᠦ᠋᠂ ᠰᠦᠨ ᠶᠢᠨ | ᠭᠦᠸᠧ᠂ ᠴᠡᠩᠬᠡᠯ᠂ ᠦᠯᠵᠠᠶᠢᠮᠡᠨᠳᠦ᠂ ᠵᠠᠩ ᠠᠢ ᠯᠦᠩ᠂ ᠯᠢᠦ ᠴᠢᠤᠸᠠᠨ ᠹᠦ᠋᠂ ᠰᠦᠬᠡ ᠵᠢᠴᠢ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |