ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/31
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ   ᠢ ᠬᠤᠷᠠᠯᠳᠤᠭᠤᠯᠪᠠ    5 ᠰᠠᠷ᠎ᠠ ᠶᠢᠨ 30 ᠤ ᠡᠳᠤ᠋ ‍ᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠷᠳᠡᠨᠢᠪᠠᠭᠠᠲᠤᠷ ᠬᠤᠷᠠᠯ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠬᠠᠢ ᠬᠡᠷᠡᠯᠲᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ  ᠰᠠᠭᠠᠯᠢᠴᠢᠨ᠂  ᠸᠴᠢᠷ ᠬᠤᠷᠠᠯ ᠳᠤ ᠣᠷᠣᠯᠴᠠᠵᠠᠢ᠃    ᠬᠤᠷᠠᠯ ᠠᠴᠠ ᠲᠤᠰᠢᠶᠠᠯ ᠳᠤ ᠲᠣᠮᠢᠯᠠᠬᠤ ᠬᠡᠷᠡᠭ ᠶᠠᠪᠤᠳᠠᠯ ᠢ ᠶᠠᠪᠤᠭᠳᠠᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢᠳ ᠤᠨ ᠬᠤᠷᠠᠯ ᠠᠴᠠ ᠳᠡᠪᠰᠢᠭᠦᠯᠦᠭᠰᠡᠨ ᠠᠵᠢᠯᠲᠠᠨ ᠤ ᠶᠠᠪᠤᠳᠠᠯ ᠤᠨ ᠲᠤᠰᠢᠶᠠᠯ ᠠᠴᠠ ᠪᠠᠭᠤᠯᠭᠠᠬᠤ ᠵᠥᠪᠯᠡᠯᠭᠡ ᠪᠣᠯᠣᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠢᠶᠠᠯ ᠳᠤ ᠲᠣᠮᠢᠯᠠᠬᠤ ᠬᠡᠷᠡᠭ ᠶᠠᠪᠤᠳᠠᠯ ᠢ ᠪᠢᠯᠧᠲ ᠥᠭᠴᠦ ᠰᠤᠩᠭᠤᠨ ᠳᠤᠭᠳᠠᠭᠠᠪᠠ᠃ ᠰᠢᠨ᠎ᠡ ᠪᠠᠷ ᠲᠤᠰᠢᠶᠠᠯ ᠳᠤ ᠭᠠᠷᠤᠭᠰᠠᠨ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠬᠤ ᠶᠢᠨ ᠬᠠᠮᠲᠤ ᠰᠢᠨ᠎ᠡ ᠪᠠᠷ ᠲᠤᠰᠢᠶᠠᠯ ᠳᠤ ᠭᠠᠷᠤᠭᠰᠠᠨ ᠬᠥᠮᠥᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ᠰᠢᠨ᠎ᠡ ᠪᠠᠷ ᠲᠤᠰᠢᠶᠠᠯ ᠳᠤ ᠭᠤᠷᠤᠭᠰᠠᠨ ᠬᠥᠮᠥᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ ᠃ ︽ᠰᠢ ᠶᠢᠨ ᠫᠢᠩ ᠶᠡᠷᠦᠩᠬᠡᠢ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠪᠠ᠃  ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠢᠳᠠᠪᠤᠷᠢ ᠶᠢᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠮᠠᠲ᠋ᠧᠷᠢᠶᠠᠯ ᠪᠠᠶᠢᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠠᠶᠢᠴᠠᠭᠠᠨ ᠰᠤᠳᠤᠯᠤᠯᠲᠠ ᠶᠢ ᠪᠠᠶᠢᠩᠭᠤ ᠶᠢᠨ ᠴᠢᠨᠠᠷᠲᠠᠢ ᠰᠠᠭᠤᠷᠢ ᠠᠵᠢᠯ ᠪᠣᠯᠭᠠᠬᠤ ᠶᠢ ᠪᠠᠷᠢᠮᠲᠠᠯᠠᠵᠤ᠂ ᠡᠯ᠎ᠡ ᠵᠠᠩᠭᠢᠯᠠᠭ᠎ᠠ ᠶᠢ ᠰᠠᠶᠢᠲᠤᠷ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢᠳᠡᠭᠡᠭᠰᠢᠯᠡᠭᠦᠯᠵᠦ᠂ ᠡᠯ᠎ᠡ ᠵᠦᠢᠯ ᠤᠨ ᠵᠥᠪᠯᠡᠯᠭᠡ ᠪᠠ ᠮᠡᠳᠡᠭᠦᠯᠦᠯᠲᠡ ᠶᠢ ᠬᠢᠨᠠᠨ ᠶᠠᠷᠢᠯᠴᠠᠬᠤ᠂ ᠡᠳᠦᠷ ᠲᠤᠳᠤᠮ ᠤᠨ ᠴᠢᠬᠤᠯᠠ ᠠᠵᠢᠯ ᠢ ᠰᠢᠢᠳᠪᠦᠷᠢᠯᠡᠬᠦ ᠳᠤ ᠮᠠᠲ᠋ᠧᠷᠢᠶᠠᠯ ᠪᠠ ᠦᠨᠳᠦᠰᠦ ᠪᠠᠷᠢᠮᠲᠠ ᠬᠠᠩᠭᠠᠵᠤ᠂ ᠲᠦᠷᠦ ᠶᠢᠨ ᠡᠷᠬᠡᠲᠦ ᠪᠠᠶᠢᠭᠤᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠯᠳ᠋᠊ ‍ᠠ᠂ ᠠᠷᠠᠳᠴᠢᠯᠠᠯᠲᠠ ᠶᠢ ᠪᠠᠲᠤᠯᠠᠬᠤ ᠬᠡᠷᠡᠭᠲᠡᠢ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ᠂  ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠢ ᠶᠠ ᠫᠢᠩ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠡᠰᠡᠭ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号