ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 55 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/6/12
ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 55 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ  ᠬᠤᠷᠠᠯᠳᠤᠪᠠ   6 ᠰᠠᠷ᠎ᠠ ᠶᠢᠨ 10᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 55 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠳᠣᠶᠢᠷᠤ ᠶᠢᠨ ᠲᠣᠪᠴᠢᠶᠠᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠪᠦᠬᠡᠳ ᠪᠦᠭᠦ ᠬᠤᠰᠢᠭᠤᠨ ᠤ 1— 5 ᠰᠠᠷ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃  ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠭᠡᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠎ ᠤᠨ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠳᠠᠬᠢ ᠵᠣᠷᠢᠭᠵᠢᠭᠤᠯᠤᠯ ᠪᠠ ᠵᠢᠯᠣᠭᠤᠳᠤᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ᠃    ᠬᠤᠷᠠᠯ ᠠᠴᠠ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃ ᠪᠥᠬᠦ ᠬᠤᠰᠢᠭᠤᠨ ᠤ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠪᠠᠷ ᠠᠵᠠ ᠲᠣᠬᠢᠶᠠᠯᠪᠣᠯᠭᠠᠵᠤ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠶᠢ ᠴᠢᠩᠳᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠵᠢᠴᠢ ᠬᠤᠰᠢᠭᠤ ᠨᠠᠮ ᠤᠨ ᠬᠤᠷᠢᠶᠠᠨ ᠤ ᠭᠡᠷ ᠲᠡᠭᠡᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠷᠳᠡᠨᠢᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠤᠯᠠᠭ ᠵᠢᠴᠢ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号