ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠲᠠᠪᠤᠳᠤᠭᠠᠷ ᠤᠳᠠᠭᠠᠨ ᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/6/13
ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠲᠠᠪᠤᠳᠤᠭᠠᠷ ᠤᠳᠠᠭᠠᠨ ᠤ ᠬᠤᠷᠠᠯ  ᠬᠤᠷᠠᠯᠳᠤᠪᠠ    6 ᠰᠠᠷ᠎ᠠ ᠶᠢᠨ 12᠎ ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠎ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠪᠤᠳᠤᠬᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠬᠢᠨᠠᠨ ᠪᠤᠳᠤᠬᠤ ᠵᠥᠪᠯᠡᠯ ᠪᠣᠯᠣᠨ ᠬᠢᠨᠠᠨ ᠪᠤᠳᠤᠬᠤ ᠲᠣᠪᠴᠢᠶ᠎ᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠱᠠᠭᠠᠷᠳᠠᠯᠭ᠎ᠠ ᠶᠢ ᠬᠢᠨᠠᠨ ᠪᠤᠳᠤᠬᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠢ ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ᠂ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠠᠬᠢᠭᠤᠯᠬᠤ ᠵᠡᠷᠭᠡ ᠲᠠᠯ᠎ᠠ ᠪᠠᠷ ᠬᠢᠨᠠᠨ ᠪᠤᠳᠤᠵᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠢᠨᠠᠨ ᠪᠣᠳᠣᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠬᠠᠮᠠᠭᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ︽ᠰᠡᠬᠦᠯᠴᠢ ᠶᠢᠨ ᠬᠠᠭᠠᠰ ᠬᠠᠭᠤᠳᠠᠰᠣ︾ ᠪᠣᠯᠣᠨ ᠬᠢᠨᠠᠨ ᠪᠤᠳᠤᠵᠤ ᠠᠰᠠᠭᠤᠳᠠᠯ ᠢ ᠢᠯᠡᠷᠡᠭᠦᠯᠬᠦ ︽ᠡᠮᠦᠨᠡᠬᠢ ᠬᠠᠭᠠᠰ ᠬᠠᠭᠤᠳᠠᠰᠣ︾᠎ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠱᠠᠭᠠᠷᠳᠠᠯᠭ᠎ᠠ ᠳᠤᠷᠠᠳᠴᠤ᠂ ᠲᠣᠭᠲᠠᠭᠰᠠᠨ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠡᠷᠭᠡᠶᠢᠯᠡᠬᠦ ᠬᠡᠷᠡᠭᠲᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号