ᠰᠢᠯᠤᠭᠤᠨ ᠬᠥᠪᠡᠭᠡᠲᠦ ᠴᠠᠭᠠᠨ ᠬᠤᠰᠢᠭᠤ ᠳᠥᠷᠪᠡᠳᠦᠭᠡᠷ ᠬᠤᠭᠤᠴᠠᠭᠠᠨ ᠤ ᠵᠠᠯᠠᠭᠤ ᠪᠠᠭᠠᠴᠤᠳ ᠤᠨ ᠮᠠᠰᠢᠨ | ᠬᠥᠮᠥᠨ ᠤ ᠤᠷᠤᠯᠳᠤᠭᠠᠨ ᠤ ᠪᠤᠯᠪᠠᠰᠤᠷᠠᠯ ᠡᠷᠬᠢᠯᠡᠪᠡ | ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠢ ᠬᠠᠶᠢᠷᠠᠯᠠᠵᠤ᠂ ᠰᠢᠨᠵᠢᠯᠡᠬᠦ ᠤᠬᠠᠭᠠᠨ ᠢ | ᠡᠷᠬᠢᠮᠯᠡᠬᠦ ᠤᠬᠠᠮᠰᠠᠷ ᠢ ᠬᠥᠭᠵᠢᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ | ᠵᠢᠯᠣᠭᠤᠳᠤᠭᠴᠢ ᠶᠢᠨ ᠵᠣᠬᠢᠶᠠᠨ ᠪᠠᠶᠢᠭᠤᠯᠬᠤ ᠪᠠ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 | ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ᠵᠠᠯᠠᠭᠤ | ᠪᠠᠭᠠᠴᠤᠳ ᠤᠨ ᠮᠠᠰᠢᠨ ᠬᠥᠮᠥᠨ ᠤ ᠤᠷᠤᠯᠳᠤᠭᠠᠨ ᠤ ᠪᠤᠯᠪᠠᠰᠤᠷᠠᠯ ᠢ ᠡᠷᠭᠢᠯᠡᠪᠡ᠃ ᠪᠥᠬᠦ ᠬᠤᠰᠢᠭᠤᠨ ᠤ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ 40 ᠭᠠᠷᠤᠢ ᠪᠠᠭᠰᠢ ᠰᠤᠷᠤᠭᠴᠢᠳ ᠪᠣᠯᠪᠠᠰᠤᠷᠠᠯ ᠳᠤ ᠣᠷᠣᠯᠴᠠᠵᠠᠢ᠃ | ᠲᠣᠰ ᠤᠳᠠᠭᠠᠨ ᠤ ᠪᠣᠯᠪᠠᠰᠤᠷᠠᠯ ᠳᠤ ᠰᠢᠯᠢᠩᠬᠤᠲᠠ ᠶᠢᠨ ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠠᠷᠤᠭ᠎ᠠ ᠭᠤᠸ ᠼᠦᠩ ᠶᠢᠨ ᠪᠠᠭᠰᠢ ᠶᠢ ᠤᠷᠢᠵᠤ | ᠰᠤᠷᠤᠭᠴᠢᠳ ᠲᠤ ᠬᠢᠴᠢᠶᠡᠯ ᠵᠢᠭᠠᠯᠭᠠᠪᠠ᠃ ᠪᠣᠯᠪᠠᠰᠤᠷᠠᠯ ᠤᠨ ᠠᠭᠤᠯᠭ᠎ᠠ ᠨᠢ ᠤᠷᠤᠯᠳᠤᠭᠠᠨ ᠳᠤ ᠣᠷᠣᠯᠴᠠᠬᠤ | ᠮᠠᠰᠢᠨ ᠬᠥᠮᠥᠨ ᠤ ᠰᠠᠭᠤᠷᠢ ᠮᠡᠳᠡᠯᠭᠡ᠂ ᠤᠷᠤᠯᠳᠤᠭᠠᠨ ᠳᠤ ᠣᠷᠣᠯᠴᠠᠬᠤ ᠮᠠᠰᠢᠨ ᠬᠥᠮᠥᠨ ᠤ ᠪᠠᠶᠢᠭᠤᠯᠤᠯᠲᠠ᠂ | ᠤᠷᠤᠯᠳᠤᠭᠠᠨ ᠳᠤ ᠣᠷᠣᠯᠴᠠᠬᠤ ᠮᠠᠰᠢᠨ ᠬᠥᠮᠥᠨ ᠤ ᠫᠷᠣᠭ᠍ᠷᠠᠮ ᠤᠨ ᠵᠢᠷᠤᠭ ᠲᠥᠯᠥᠪᠯᠡᠭᠡ᠂ WRO ᠶᠢᠨ | ᠪᠠᠶᠢᠩᠭᠤ ᠶᠢᠨ ᠤᠷᠤᠯᠳᠤᠭᠠᠨ᠂ ENJOY AI ᠶᠢᠨ ᠲᠦᠭᠡᠮᠡᠯᠵᠢᠭᠦᠯᠬᠦ ᠤᠷᠤᠯᠳᠤᠭᠠᠨ᠂ MAKEX ᠮᠠᠰᠢᠨ | ᠬᠥᠮᠥᠨ ᠤ ᠥᠷᠢᠰᠦᠯᠳᠦᠭᠡᠨ ᠤ ᠤᠷᠤᠯᠳᠤᠭᠠᠨ ᠵᠡᠷᠭᠡ ᠲᠥᠷᠥᠯ ᠵᠦᠢᠯ ᠪᠠᠭᠲᠠᠨ᠎ᠠ᠃ | ᠬᠤᠶᠠᠷ ᠡᠳᠦᠷ ᠤᠨ ᠪᠣᠯᠪᠠᠰᠤᠷᠠᠯ ᠢᠶᠠᠷ ᠳᠡᠮᠵᠢᠨ᠂ ᠰᠤᠷᠤᠭᠴᠢᠳ ᠮᠠᠰᠢᠨ ᠬᠥᠮᠥᠨ ᠤ ᠠᠵᠢᠯᠯᠠᠬᠤ ᠠᠷᠭ᠎ᠠ ᠪᠠ | ᠮᠠᠰᠢᠨ ᠬᠥᠮᠥᠨ ᠤ ᠤᠷᠤᠯᠳᠤᠭᠠᠨ ᠤ ᠵᠦᠢᠯ ᠤᠨ ᠫᠷᠣᠭ᠍ᠷᠠᠮ ᠨᠠᠶᠢᠷᠠᠭᠤᠯᠬᠤ ᠵᠠᠭᠪᠤᠷ ᠢ ᠪᠣᠯᠪᠠᠰᠤᠷᠠᠩᠭᠤᠢ ᠡᠵᠡᠮᠰᠢᠵᠦ᠂ | ᠤᠷᠤᠯᠳᠤᠭᠠᠨ ᠤ ᠳᠦᠷᠢᠮ ᠢ ᠪᠠᠶᠢᠭᠤᠯᠤᠨ᠂ ᠵᠠᠯᠠᠭᠤ ᠪᠠᠭᠠᠴᠤᠳ ᠤᠨ ᠵᠣᠬᠢᠶᠠᠮᠠᠯ ᠣᠶᠤᠨ ᠤ ᠮᠡᠷᠭᠡᠵᠢᠯ ᠤᠨ | ᠬᠦᠷᠢᠶᠡᠨ ᠳᠠᠬᠢ ᠰᠤᠷᠤᠯᠴᠠᠬᠤ ᠤᠷᠮ᠎ᠠ ᠪᠠᠬ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠪᠣᠯᠪᠠᠰᠤᠷᠠᠯ ᠤᠨ ᠰᠠᠶᠢᠨ | ᠦᠷ᠎ᠡ ᠪᠦᠲᠦᠮᠵᠢ ᠣᠯᠣᠭᠰᠠᠨ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ ᠬᠤᠰᠢᠭᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ | ᠡᠪᠯᠡᠯ ᠤᠨ ᠬᠤᠷᠢᠶ᠎ᠠ ᠲᠠᠢ ᠬᠠᠮᠲᠤᠷᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠥᠷᠪᠡᠳᠦᠭᠡᠷ ᠬᠤᠭᠤᠴᠠᠭᠠᠨ ᠤ | ᠵᠠᠯᠠᠭᠤ ᠪᠠᠭᠠᠴᠤᠳ ᠤᠨ ᠮᠠᠰᠢᠨ ᠬᠥᠮᠥᠨ ᠤ ᠤᠷᠤᠯᠳᠤᠭᠠᠨ ᠶᠠᠪᠤᠭᠤᠯᠬᠤ ᠶᠢᠨ ᠬᠠᠮᠲᠤ ᠰᠢᠯᠢᠳᠡᠭ ᠲᠠᠮᠢᠷᠴᠢᠨ ᠢ | ᠰᠣᠩᠭᠤᠨ 2023 ᠣᠨ ᠤ ᠰᠢᠯᠢ ᠶᠢᠨ ᠭᠤᠣᠯ ᠠᠶᠢᠮᠠᠭ ᠤᠨ ᠵᠠᠯᠠᠭᠤ ᠪᠠᠭᠠᠴᠤᠳ ᠤᠨ ᠮᠠᠰᠢᠨ ᠬᠥᠮᠥᠨ ᠤ | ᠤᠷᠤᠯᠳᠤᠭᠠᠨ ᠳᠤ ᠣᠷᠣᠯᠴᠠᠭᠤᠯᠤᠨ᠎ᠠ᠃ | |