ᠰᠢᠯᠤᠭᠤᠨ ᠬᠥᠪᠡᠭᠡᠲᠦ ᠴᠠᠭᠠᠨ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠎ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/6/19
ᠰᠢᠯᠤᠭᠤᠨ ᠬᠥᠪᠡᠭᠡᠲᠦ ᠴᠠᠭᠠᠨ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠎ ᠤᠨ ᠬᠤᠷᠠᠯ  ᠬᠤᠷᠠᠯᠳᠤᠪᠠ   6 ᠰᠠᠷ᠎ᠠ ᠶᠢᠨ 15᠎ ᠤ ᠡᠳᠦᠷ᠂ ᠮᠠᠨ ᠤ ᠬᠤᠰᠢᠭᠤ 2023 ᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶᠎ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠷᠳᠡᠨᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠦᠯᠵᠠᠶᠢᠮᠡᠨᠳᠤ ᠬᠤᠷᠠᠯ ᠡᠷᠭᠢᠯᠠᠪᠠ᠃   ᠬᠤᠷᠠᠯ ᠠᠴᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ᠂ ᠪᠦᠬᠦ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠵᠦ᠂ ᠢᠯᠠᠩᠭᠤᠶ᠎ᠠ ᠬᠤᠰᠢᠭᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠱᠠᠯᠠᠪᠳᠠᠨ ᠠᠬᠢᠭᠤᠯᠵᠤ᠂ ᠨᠢᠭᠲᠠ ᠬᠠᠮᠵᠢᠯᠴᠠᠨ᠂ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠦᠷ᠎ᠡ ᠪᠦᠲᠦᠭᠡᠯ ᠢ ᠡᠷᠲᠡᠬᠡᠨ ᠡᠳ᠋ᠯᠡᠭᠦᠯᠵᠦ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠤᠷᠤᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号