ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠲᠥᠷᠥᠯ ᠵᠦᠢᠯ ᠤᠨ ᠠᠬᠢᠴᠡ ᠶᠢ ᠬᠢᠨᠠᠨ | ᠵᠢᠯᠣᠭᠤᠳᠪᠠ | 6 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠴᠢᠨᠠᠷ ᠰᠠᠶᠢᠲᠠᠢ | ᠡᠭᠦᠯᠳᠡᠷ ᠤᠨ ᠮᠢᠬᠠᠨ ᠤ ᠦᠬᠡᠷ ᠤᠨ ᠭᠤᠣᠯ ᠡᠭᠦᠯᠳᠡᠷ ᠪᠤᠶᠢᠵᠢᠭᠤᠯᠵᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ︽ᠡᠪᠡᠰᠦᠨ ᠤ ᠦᠢᠯᠡᠰ ᠢ ᠬᠥᠭᠵᠢᠭᠦᠯᠬᠦ︾ ᠡᠪᠡᠰᠦ ᠪᠣᠷᠳᠤᠭ᠎ᠠ ᠶᠢᠨ | ᠦᠢᠯᠡᠳᠪᠦᠷᠢᠯᠡᠯ ᠤᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠲᠥᠷᠥᠯ ᠵᠦᠢᠯ ᠤᠨ | ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠡᠩᠬᠡᠯ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠰᠢᠪᠠᠳᠠᠨ ᠵᠢᠯᠣᠭᠤᠳᠪᠠ᠃ | ᠯᠢᠦ ᠴᠠᠩ ᠴᠦᠨ ᠴᠢᠬᠤᠯᠠᠴᠢᠯᠠᠭᠰᠠᠨ ᠨᠢ᠂ ᠰᠢᠯᠢᠳᠡᠭ ᠡᠭᠦᠯᠳᠡᠷ ᠤᠨ ᠮᠢᠠᠨᠨ ᠤ ᠦᠬᠡᠷ ᠤᠨ ᠭᠤᠣᠯ ᠡᠭᠦᠯᠳᠡᠷ | ᠪᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ︽ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ | ︾ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠲᠥᠷᠥᠯ ᠵᠦᠢᠯ ᠪᠣᠯ ᠮᠠᠨ ᠤ ᠬᠤᠰᠢᠭᠤᠨ ᠤ ᠰᠠᠶᠢᠨ ᠡᠭᠦᠯᠳᠡᠷ ᠤᠨ | ᠮᠠᠯ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ᠂ ᠡᠪᠡᠰᠦ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ | ᠪᠠᠶᠢᠬᠤ ᠪᠣᠭᠤᠮᠢ ᠶᠢ ᠰᠢᠪᠲᠤᠯᠬᠤ ᠵᠠᠩᠭᠢᠯᠠᠭ᠎ᠠ ᠶᠢᠨ ᠭᠠᠷᠳᠠᠴᠠ ᠮᠥᠨ᠂ ᠬᠥᠳᠡᠭᠡ ᠲᠣᠰᠬᠤᠨ ᠤ ᠪᠥᠬᠦ ᠲᠠᠯ᠎ᠠ ᠶᠢᠨ | ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠤᠷᠢᠳᠴᠢᠯᠠᠨ ᠵᠢᠯᠤᠭᠤᠳᠴᠤ᠂ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠲᠥᠷᠥᠯ ᠵᠦᠢᠯ ᠤᠨ ᠠᠬᠢᠭᠤᠯᠬᠤ ᠶᠠᠪᠤᠴᠠ ᠳᠤ ᠲᠤᠯᠭᠠᠷᠠᠭᠰᠠᠨ | ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠰᠠᠶᠢᠨ ᠰᠠᠶᠢᠬᠠᠨ ᠠᠵᠢᠯ ᠡᠷᠬᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠡᠯ᠎ᠡ ᠨᠢᠭᠡᠴᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠬᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠪᠠᠷᠢᠯᠭ᠎ᠠ ᠶᠢᠨ | ᠲᠥᠰᠥᠯ ᠢᠶᠠᠨ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ᠂ ᠠᠮᠤᠷ ᠲᠦᠪᠰᠢᠨ ᠪᠠ ᠶᠠᠰᠤ ᠴᠢᠨᠠᠷ ᠢ | ᠪᠠᠲᠤᠯᠠᠭᠰᠠᠨ ᠰᠠᠭᠤᠷᠢᠨ ᠳᠡᠭᠡᠷ᠎ᠡ᠂ ᠨᠢᠭᠡᠳᠦᠯᠲᠡᠢ ᠲᠥᠯᠥᠪᠯᠡᠨ ᠳᠤᠬᠢᠷᠠᠭᠤᠯᠵᠤ᠂ ᠴᠠᠭ ᠬᠤᠭᠤᠴᠠᠭ᠎ᠠ ᠶᠢᠨ | ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠡᠭᠦᠷᠭᠡ ᠶᠢᠨ ᠨᠠᠷᠢᠨ ᠲᠠᠩᠰᠠ ᠵᠢᠭᠰᠠᠭᠠᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ | ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | | | |