ᠰᠢᠯᠤᠭᠤᠨ ᠬᠥᠪᠡᠭᠡᠲᠦ ᠴᠠᠭᠠᠨ ᠬᠤᠰᠢᠭᠤ᠄ ᠮᠠᠯᠴᠢᠨ ᠲᠠᠷᠢᠶᠠᠴᠢᠨ ᠲᠦᠮᠡᠨ ᠳᠤ ᠦᠢᠯᠡᠴᠢᠯᠡᠵᠦ᠂ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠬᠦᠷᠬᠡᠨ᠎ᠡ
ᠨᠡᠶᠢᠲᠡᠯᠡᠭᠰᠡᠨ ᠴᠠᠭ᠄
2023/6/20
ᠰᠢᠯᠤᠭᠤᠨ ᠬᠥᠪᠡᠭᠡᠲᠦ ᠴᠠᠭᠠᠨ ᠬᠤᠰᠢᠭᠤ᠄ ᠮᠠᠯᠴᠢᠨ ᠲᠠᠷᠢᠶᠠᠴᠢᠨ ᠲᠦᠮᠡᠨ ᠳᠤ ᠦᠢᠯᠡᠴᠢᠯᠡᠵᠦ᠂ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠤᠷᠤᠭᠤᠯᠤᠨ᠎ᠠ  ᠨᠠᠮ ᠪᠠ ᠵᠠᠰᠠᠭ ᠤᠨ ᠣᠷᠳᠣᠨ ᠤ ᠲᠠᠭᠤᠨ ᠢ ᠲᠦᠭ ᠲᠦᠮᠡᠨ ᠠᠶᠢᠯ ᠡᠷᠦᠬᠡ ᠂ ᠬᠠᠯᠠᠭᠤᠨ ᠳᠣᠲᠣᠨᠣ ᠦᠢᠯᠡᠴᠢᠯᠡᠭᠡ ᠶᠢ ᠲᠠᠯ᠎ᠠ ᠨᠤᠲᠤᠭ ᠤᠨ ᠬᠠᠮᠤᠭ ᠤᠨ ᠭᠦᠨ ᠭᠠᠵᠠᠷ ᠲᠤ ᠬᠦᠷᠭᠡᠬᠦ ᠶᠢᠨ ᠲᠥᠯᠥᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠤᠬᠢᠶ᠎ᠠ ᠲᠠᠮᠵᠢᠭᠤᠯᠤᠨ ᠰᠠᠴᠤᠷᠠᠭᠤᠯᠬᠤ ᠲᠥᠪ ᠤᠨ ᠰᠢᠯᠤᠭᠤᠨ ᠴᠠᠭᠠᠨ 851 ᠦᠷᠲᠡᠭᠡ ᠨᠢ ᠡᠯ᠎ᠡ ᠰᠤᠮᠤ᠂ ᠭᠠᠴᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠮᠠᠯᠵᠢᠬᠤ ᠲᠠᠷᠢᠶᠠᠯᠠᠬᠤ ᠡᠷᠦᠬᠡ᠂ ᠨᠠᠮ ᠤᠨ ᠭᠡᠰᠢᠭᠦᠨ  ᠭᠤᠤᠯᠯᠠᠬᠤ ᠡᠷᠦᠬᠡ ᠎ ᠳᠤ  ᠬᠦᠷᠴᠦ᠂ ᠷᠠᠳᠢᠣ᠋ ᠨᠡᠪᠲᠡᠷᠡᠭᠦᠯᠭᠡ ᠎ ᠶᠢᠨ ᠪᠦᠬᠦᠨ ᠢ ᠬᠠᠮᠤᠷᠬᠤ ᠶᠢ  ᠪᠠᠳᠤᠯᠠᠪᠠ᠃   ᠣᠶᠢᠷ᠎ᠠ ᠳᠤ᠂ ᠰᠢᠯᠤᠭᠤᠨ ᠴᠠᠭᠠᠨ 851 ᠦᠷᠲᠡᠭᠡ ᠶᠢᠨ ᠠᠵᠢᠯᠲᠠᠳ  ᠪᠤᠯᠠᠭᠠᠨᠲᠤᠬᠤᠢ ᠰᠤᠮᠤᠨ ᠤ ᠰᠡᠨᠵᠢᠨᠪᠤᠯᠠᠭ ᠭᠠᠴᠠᠭ᠎ᠠ ᠳᠤ ᠬᠦᠷᠴᠦ᠂ ᠡᠷᠬᠢᠨ ᠲᠣᠭᠤᠷᠢᠨ ᠤ ᠭᠠᠵᠠᠷ ᠣᠷᠣᠨ ᠤ ᠷᠠᠳᠢᠣ᠋ ᠨᠡᠪᠲᠡᠷᠡᠭᠦᠯᠭᠡ ᠶᠢᠨ ᠪᠦᠷᠬᠦᠴᠡ ᠶᠢᠨ ᠪᠠᠶᠢᠳᠠᠯ ᠳᠤ ᠬᠡᠮᠵᠢᠯᠲᠡ ᠬᠢᠵᠦ᠂ ᠨᠡᠪᠲᠡᠷᠡᠭᠦᠯᠭᠡ ᠶᠢᠨ ᠠᠭᠤᠯᠭ᠎ᠠ᠂ ᠴᠠᠭ ᠤᠨ ᠣᠷᠳᠣ ᠪᠠ ᠰᠣᠨᠣᠰᠳᠠᠴᠠ ᠶᠢᠨ ᠬᠡᠮᠵᠢᠶ᠎ᠡ ᠵᠡᠷᠬᠡ ᠳᠤ ᠲᠡᠮᠳᠡᠭᠯᠡᠯ ᠪᠠ ᠵᠠᠳᠠᠯᠤᠯᠲᠠ ᠬᠢᠪᠡ᠃ ᠳᠠᠷᠠᠭ᠎ᠠ ᠪᠠᠷ ᠨᠢ 66 ᠨᠠᠰᠤᠲᠠᠢ ᠨᠠᠰᠤᠲᠠᠨ ᠨᠠᠰᠤᠨᠪᠠᠲᠤ ᠶᠢᠨ ᠭᠡᠷ ᠲᠤ ᠬᠦᠷᠴᠦ᠂ ᠲᠡᠭᠦᠨ ᠳᠤ ᠲᠠᠭᠤ ᠬᠤᠷᠢᠶᠠᠬᠤ ᠲᠥᠬᠦᠭᠡᠷᠦᠮᠵᠢ ᠶᠢ ᠲᠣᠬᠢᠷᠠᠭᠤᠯᠵᠤ ᠥᠭᠬᠦ ᠶᠢᠨ ᠬᠠᠮᠲᠤ ᠪᠡᠯᠡᠭᠯᠡᠵᠠᠢ᠃ ᠨᠠᠰᠤᠲᠠᠨ ᠤ ᠲᠠᠨᠢᠯᠴᠠᠭᠤᠯᠤᠭᠰᠠᠨ ᠢᠶᠠᠷ᠂ ᠲᠡᠷᠡ ᠷᠠᠳᠢᠣ᠋ ᠰᠣᠨᠣᠰᠬᠤ ᠮᠠᠰᠢ ᠳᠤᠷᠠᠲᠠᠢ ᠪᠠᠶᠢᠳᠠᠭ᠂ ᠡᠨᠡ ᠨᠢ ᠮᠥᠨ ᠴᠦ ᠲᠡᠭᠦᠨ ᠤ ᠣᠯᠠᠨ ᠵᠢᠯ ᠤᠨ ᠳᠠᠳᠬᠠᠯ ᠶᠤᠮ᠃ ᠡᠨᠡ ᠤᠳᠠᠭ᠎ᠠ ᠤᠯᠠᠨ ᠵᠢᠯ ᠬᠡᠷᠡᠭᠯᠡᠭᠰᠡᠨ ᠷᠠᠳᠢᠣ᠋ ᠪᠠᠷ ᠷᠠᠳᠢᠣ᠋ ᠨᠡᠪᠲᠡᠷᠡᠭᠦᠯᠭᠡ ᠢ ᠶᠡᠷᠦ ᠨᠢ ᠡᠷᠢᠵᠦ ᠣᠯᠣᠭᠰᠠᠨ ᠦᠭᠡᠢ ᠠᠴᠠ ᠪᠣᠯᠵᠤ᠂ ᠰᠢᠯᠤᠭᠤᠨ ᠴᠠᠭᠠᠨ 851ᠦᠷᠲᠡᠭᠡ ᠳᠤ ᠤᠲᠠᠰᠤᠳᠠᠭᠰᠠᠨ ᠳᠤ᠂ ᠠᠵᠢᠯᠲᠠᠨ ᠨᠢ ᠭᠡᠷ ᠲᠡᠭᠡᠨ ᠢᠷᠡᠭᠡᠳ ᠲᠡᠭᠦᠨ ᠳᠤ ᠬᠠᠭᠤᠴᠢᠨ ᠷᠠᠳᠢᠣ᠋ ᠶᠢ ᠨᠢ ᠲᠣᠬᠢᠷᠠᠭᠤᠯᠤᠨ ᠥᠭᠴᠦ᠂ ᠪᠠᠰᠠ ᠰᠢᠨ᠎ᠡ ᠷᠠᠳᠢᠣ᠋ ᠬᠦᠷᠭᠡᠵᠦ ᠥᠭᠭᠦᠭᠰᠡᠨ ᠳᠤ ᠲᠡᠷᠡ ᠲᠤᠶᠢᠯ ᠢᠶᠠᠷ ᠪᠠᠶᠠᠷᠯᠠᠪᠠ᠃   ᠰᠢᠯᠤᠭᠤᠨ ᠴᠠᠭᠠᠨ 851ᠦᠷᠲᠡᠭᠡ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠳᠤ ᠪᠠᠶᠢᠷᠢᠯᠠᠵᠤ᠂  ᠳᠤᠮᠳᠠᠳᠤ ᠤᠯᠤᠰ ᠤᠨ ᠲᠠᠭᠤᠨ᠂ ᠥᠪᠥᠷ ᠮᠣᠩᠭᠤᠯ ᠤᠨ ᠬᠢᠲᠠᠳ ᠬᠡᠯᠡᠨ ᠤ ᠰᠣᠨᠢᠨ ᠮᠡᠳᠡᠭᠡᠨ ᠤ ᠷᠠᠳᠢᠣ᠋ ᠨᠡᠪᠲᠡᠷᠡᠭᠦᠯᠭᠡ ᠵᠡᠷᠭᠡ 6 ᠢᠵᠢ ᠨᠡᠪᠲᠡᠷᠡᠭᠦᠯᠭᠡ ᠶᠢ ᠲᠠᠮᠵᠢᠭᠤᠯᠤᠨ ᠰᠠᠴᠤᠷᠠᠭᠤᠯᠬᠤ ᠤ ᠡᠭᠦᠷᠭᠡ ᠶᠢ ᠡᠭᠦᠷᠭᠡᠯᠡᠵᠦ᠂ ᠪᠦᠲᠦᠮᠵᠢᠲᠡᠢ ᠪᠦᠷᠬᠦᠯᠲᠡ ᠶᠢᠨ ᠷᠠᠳᠢᠦ᠋ᠰ ᠨᠢ 100 ᠺᠢᠯᠤᠮᠥᠲᠷ ᠲᠤ ᠬᠦᠷᠴᠦ᠂ ᠪᠦᠷᠬᠦᠵᠦ ᠲᠠᠶᠢᠯᠬᠦᠶᠢᠴᠡ ᠬᠥᠮᠥᠨ ᠠᠮᠠ ᠎ ᠨᠢ 60 ᠭᠠᠷᠤᠢ ᠲᠦᠮᠡ ᠳᠤ ᠬᠦᠷᠴᠡᠢ᠃ ᠦᠷᠲᠡᠭᠡ ᠪᠠᠶᠢᠭᠤᠯᠤᠭᠳᠠᠭᠰᠠᠨ 40 ᠰᠢᠬᠠᠮ ᠵᠢᠯ ᠤᠨ ᠲᠤᠷᠰᠢ᠂ 851 ᠦᠷᠲᠡᠭᠡ  ᠶᠢᠨ ᠠᠵᠢᠯᠲᠠᠳ ᠡᠨᠡᠬᠦ ᠲᠠᠯ᠎ᠠ ᠨᠤᠲᠤᠭ ᠢᠶᠠᠨ ᠪᠠᠲᠤ ᠰᠠᠬᠢᠵᠤ᠂ ᠷᠠᠳᠢᠣ᠋ ᠨᠡᠪᠲᠡᠷᠡᠭᠦᠯᠭᠡ ᠶᠢᠨ ᠳᠣᠬᠢᠶ᠎ᠠ ᠶᠢ ᠲᠠᠰᠤᠷᠠᠯᠳᠡ ᠦᠭᠡᠢ ᠨᠠᠪᠲᠠᠷᠡᠭᠦᠯᠵᠦ᠂ ᠴᠢᠨᠠᠷ ᠰᠠᠶᠢᠲᠠᠢ ᠨᠡᠪᠲᠡᠷᠡᠭᠦᠯᠭᠡ ᠶᠢ ᠪᠠᠲᠤᠯᠠᠵᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠨᠡᠪᠲᠡᠷᠡᠭᠦᠯᠭᠡ ᠎ ᠶᠢ  ᠬᠦᠯᠢᠶᠡᠨ ᠠᠪᠴᠤ ᠳᠡᠶᠢᠯᠬᠦ ᠶᠢ ᠪᠠᠳᠤᠯᠠᠵᠠᠢ᠃ᠭᠠᠩᠳᠤᠯᠭ᠎ᠠᠰᠢᠯᠤᠭᠤᠨ ᠴᠠᠭᠠᠨ 851 ᠦᠷᠲᠡᠭᠡ ᠎ ᠶᠢᠨ ᠳᠡᠳ᠋ ᠦᠷᠲᠡᠬᠡᠨ ᠳᠠᠷᠤᠭ᠎ᠠ   ᠪᠢᠳᠡ ᠷᠠᠳᠢᠣ᠋ ᠨᠡᠪᠲᠡᠷᠡᠭᠦᠯᠭᠡ ᠶᠢᠨ ᠠᠮᠤᠷ ᠲᠦᠪᠰᠢᠨ ᠢᠶᠠᠷ ᠨᠡᠪᠲᠡᠷᠡᠭᠦᠯᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠪᠠᠰᠠ ᠰᠠᠭᠤᠭ᠎ᠠ ᠭᠠᠵᠠᠷ ᠤᠨ ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠳᠤ ᠦᠢᠯᠡᠴᠢᠯᠡᠬᠦ ᠶᠢ ᠴᠢᠬᠤᠯᠠᠴᠢᠯᠠᠵᠤ᠂ ᠡᠷᠬᠢᠨ ᠲᠣᠭᠤᠷᠢᠨ ᠤ ᠭᠠᠵᠠᠷ ᠣᠷᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠵᠦ᠂ ᠳᠣᠬᠢᠶ᠎ᠠ ᠰᠠᠴᠤᠷᠠᠭᠤᠯᠬᠤ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠨᠠᠮ ᠤᠨ ᠳᠠᠭᠤᠨ ᠢ ᠲᠠᠯ᠎ᠠ ᠨᠤᠲᠤᠭ ᠤᠨ ᠥᠨᠴᠥᠭ ᠪᠤᠯᠤᠩ ᠲᠤ ᠳᠠᠮᠵᠢᠭᠤᠯᠬᠤ ᠶᠢ  ᠪᠠᠳᠤᠯᠠᠨ᠎ᠠ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号