ᠰᠢᠯᠤᠭᠤᠨ ᠬᠥᠪᠡᠭᠡᠲᠦ ᠴᠠᠭᠠᠨ ᠬᠤᠰᠢᠭᠤ᠄ ᠮᠠᠯᠴᠢᠨ ᠲᠠᠷᠢᠶᠠᠴᠢᠨ ᠲᠦᠮᠡᠨ ᠳᠤ ᠦᠢᠯᠡᠴᠢᠯᠡᠵᠦ᠂ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠬᠦᠷᠬᠡᠨ᠎ᠡ
ᠨᠡᠶᠢᠲᠡᠯᠡᠭᠰᠡᠨ ᠴᠠᠭ᠄
2023/6/20
ᠰᠢᠯᠤᠭᠤᠨ ᠬᠥᠪᠡᠭᠡᠲᠦ ᠴᠠᠭᠠᠨ ᠬᠤᠰᠢᠭᠤ᠄ ᠮᠠᠯᠴᠢᠨ ᠲᠠᠷᠢᠶᠠᠴᠢᠨ ᠲᠦᠮᠡᠨ ᠳᠤ ᠦᠢᠯᠡᠴᠢᠯᠡᠵᠦ᠂ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠤᠷᠤᠭᠤᠯᠤᠨ᠎ᠠ  ᠨᠠᠮ ᠪᠠ ᠵᠠᠰᠠᠭ ᠤᠨ ᠣᠷᠳᠣᠨ ᠤ ᠲᠠᠭᠤᠨ ᠢ ᠲᠦᠭ ᠲᠦᠮᠡᠨ ᠠᠶᠢᠯ ᠡᠷᠦᠬᠡ ᠂ ᠬᠠᠯᠠᠭᠤᠨ ᠳᠣᠲᠣᠨᠣ ᠦᠢᠯᠡᠴᠢᠯᠡᠭᠡ ᠶᠢ ᠲᠠᠯ᠎ᠠ ᠨᠤᠲᠤᠭ ᠤᠨ ᠬᠠᠮᠤᠭ ᠤᠨ ᠭᠦᠨ ᠭᠠᠵᠠᠷ ᠲᠤ ᠬᠦᠷᠭᠡᠬᠦ ᠶᠢᠨ ᠲᠥᠯᠥᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠤᠬᠢᠶ᠎ᠠ ᠲᠠᠮᠵᠢᠭᠤᠯᠤᠨ ᠰᠠᠴᠤᠷᠠᠭᠤᠯᠬᠤ ᠲᠥᠪ ᠤᠨ ᠰᠢᠯᠤᠭᠤᠨ ᠴᠠᠭᠠᠨ 851 ᠦᠷᠲᠡᠭᠡ ᠨᠢ ᠡᠯ᠎ᠡ ᠰᠤᠮᠤ᠂ ᠭᠠᠴᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠮᠠᠯᠵᠢᠬᠤ ᠲᠠᠷᠢᠶᠠᠯᠠᠬᠤ ᠡᠷᠦᠬᠡ᠂ ᠨᠠᠮ ᠤᠨ ᠭᠡᠰᠢᠭᠦᠨ  ᠭᠤᠤᠯᠯᠠᠬᠤ ᠡᠷᠦᠬᠡ  ᠳᠤ  ᠬᠦᠷᠴᠦ᠂ ᠷᠠᠳᠢᠣ᠋ ᠨᠡᠪᠲᠡᠷᠡᠭᠦᠯᠭᠡ  ᠶᠢᠨ ᠪᠦᠬᠦᠨ ᠢ ᠬᠠᠮᠤᠷᠬᠤ ᠶᠢ  ᠪᠠᠳᠤᠯᠠᠪᠠ᠃   ᠣᠶᠢᠷ᠎ᠠ ᠳᠤ᠂ ᠰᠢᠯᠤᠭᠤᠨ ᠴᠠᠭᠠᠨ 851 ᠦᠷᠲᠡᠭᠡ ᠶᠢᠨ ᠠᠵᠢᠯᠲᠠᠳ  ᠪᠤᠯᠠᠭᠠᠨᠲᠤᠬᠤᠢ ᠰᠤᠮᠤᠨ ᠤ ᠰᠡᠨᠵᠢᠨᠪᠤᠯᠠᠭ ᠭᠠᠴᠠᠭ᠎ᠠ ᠳᠤ ᠬᠦᠷᠴᠦ᠂ ᠡᠷᠬᠢᠨ ᠲᠣᠭᠤᠷᠢᠨ ᠤ ᠭᠠᠵᠠᠷ ᠣᠷᠣᠨ ᠤ ᠷᠠᠳᠢᠣ᠋ ᠨᠡᠪᠲᠡᠷᠡᠭᠦᠯᠭᠡ ᠶᠢᠨ ᠪᠦᠷᠬᠦᠴᠡ ᠶᠢᠨ ᠪᠠᠶᠢᠳᠠᠯ ᠳᠤ ᠬᠡᠮᠵᠢᠯᠲᠡ ᠬᠢᠵᠦ᠂ ᠨᠡᠪᠲᠡᠷᠡᠭᠦᠯᠭᠡ ᠶᠢᠨ ᠠᠭᠤᠯᠭ᠎ᠠ᠂ ᠴᠠᠭ ᠤᠨ ᠣᠷᠳᠣ ᠪᠠ ᠰᠣᠨᠣᠰᠳᠠᠴᠠ ᠶᠢᠨ ᠬᠡᠮᠵᠢᠶ᠎ᠡ ᠵᠡᠷᠬᠡ ᠳᠤ ᠲᠡᠮᠳᠡᠭᠯᠡᠯ ᠪᠠ ᠵᠠᠳᠠᠯᠤᠯᠲᠠ ᠬᠢᠪᠡ᠃ ᠳᠠᠷᠠᠭ᠎ᠠ ᠪᠠᠷ ᠨᠢ 66 ᠨᠠᠰᠤᠲᠠᠢ ᠨᠠᠰᠤᠲᠠᠨ ᠨᠠᠰᠤᠨᠪᠠᠲᠤ ᠶᠢᠨ ᠭᠡᠷ ᠲᠤ ᠬᠦᠷᠴᠦ᠂ ᠲᠡᠭᠦᠨ ᠳᠤ ᠲᠠᠭᠤ ᠬᠤᠷᠢᠶᠠᠬᠤ ᠲᠥᠬᠦᠭᠡᠷᠦᠮᠵᠢ ᠶᠢ ᠲᠣᠬᠢᠷᠠᠭᠤᠯᠵᠤ ᠥᠭᠬᠦ ᠶᠢᠨ ᠬᠠᠮᠲᠤ ᠪᠡᠯᠡᠭᠯᠡᠵᠠᠢ᠃ ᠨᠠᠰᠤᠲᠠᠨ ᠤ ᠲᠠᠨᠢᠯᠴᠠᠭᠤᠯᠤᠭᠰᠠᠨ ᠢᠶᠠᠷ᠂ ᠲᠡᠷᠡ ᠷᠠᠳᠢᠣ᠋ ᠰᠣᠨᠣᠰᠬᠤ ᠮᠠᠰᠢ ᠳᠤᠷᠠᠲᠠᠢ ᠪᠠᠶᠢᠳᠠᠭ᠂ ᠡᠨᠡ ᠨᠢ ᠮᠥᠨ ᠴᠦ ᠲᠡᠭᠦᠨ ᠤ ᠣᠯᠠᠨ ᠵᠢᠯ ᠤᠨ ᠳᠠᠳᠬᠠᠯ ᠶᠤᠮ᠃ ᠡᠨᠡ ᠤᠳᠠᠭ᠎ᠠ ᠤᠯᠠᠨ ᠵᠢᠯ ᠬᠡᠷᠡᠭᠯᠡᠭᠰᠡᠨ ᠷᠠᠳᠢᠣ᠋ ᠪᠠᠷ ᠷᠠᠳᠢᠣ᠋ ᠨᠡᠪᠲᠡᠷᠡᠭᠦᠯᠭᠡ ᠢ ᠶᠡᠷᠦ ᠨᠢ ᠡᠷᠢᠵᠦ ᠣᠯᠣᠭᠰᠠᠨ ᠦᠭᠡᠢ ᠠᠴᠠ ᠪᠣᠯᠵᠤ᠂ ᠰᠢᠯᠤᠭᠤᠨ ᠴᠠᠭᠠᠨ 851ᠦᠷᠲᠡᠭᠡ ᠳᠤ ᠤᠲᠠᠰᠤᠳᠠᠭᠰᠠᠨ ᠳᠤ᠂ ᠠᠵᠢᠯᠲᠠᠨ ᠨᠢ ᠭᠡᠷ ᠲᠡᠭᠡᠨ ᠢᠷᠡᠭᠡᠳ ᠲᠡᠭᠦᠨ ᠳᠤ ᠬᠠᠭᠤᠴᠢᠨ ᠷᠠᠳᠢᠣ᠋ ᠶᠢ ᠨᠢ ᠲᠣᠬᠢᠷᠠᠭᠤᠯᠤᠨ ᠥᠭᠴᠦ᠂ ᠪᠠᠰᠠ ᠰᠢᠨ᠎ᠡ ᠷᠠᠳᠢᠣ᠋ ᠬᠦᠷᠭᠡᠵᠦ ᠥᠭᠭᠦᠭᠰᠡᠨ ᠳᠤ ᠲᠡᠷᠡ ᠲᠤᠶᠢᠯ ᠢᠶᠠᠷ ᠪᠠᠶᠠᠷᠯᠠᠪᠠ᠃   ᠰᠢᠯᠤᠭᠤᠨ ᠴᠠᠭᠠᠨ 851ᠦᠷᠲᠡᠭᠡ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠳᠤ ᠪᠠᠶᠢᠷᠢᠯᠠᠵᠤ᠂  ᠳᠤᠮᠳᠠᠳᠤ ᠤᠯᠤᠰ ᠤᠨ ᠲᠠᠭᠤᠨ᠂ ᠥᠪᠥᠷ ᠮᠣᠩᠭᠤᠯ ᠤᠨ ᠬᠢᠲᠠᠳ ᠬᠡᠯᠡᠨ ᠤ ᠰᠣᠨᠢᠨ ᠮᠡᠳᠡᠭᠡᠨ ᠤ ᠷᠠᠳᠢᠣ᠋ ᠨᠡᠪᠲᠡᠷᠡᠭᠦᠯᠭᠡ ᠵᠡᠷᠭᠡ 6 ᠢᠵᠢ ᠨᠡᠪᠲᠡᠷᠡᠭᠦᠯᠭᠡ ᠶᠢ ᠲᠠᠮᠵᠢᠭᠤᠯᠤᠨ ᠰᠠᠴᠤᠷᠠᠭᠤᠯᠬᠤ ᠤ ᠡᠭᠦᠷᠭᠡ ᠶᠢ ᠡᠭᠦᠷᠭᠡᠯᠡᠵᠦ᠂ ᠪᠦᠲᠦᠮᠵᠢᠲᠡᠢ ᠪᠦᠷᠬᠦᠯᠲᠡ ᠶᠢᠨ ᠷᠠᠳᠢᠦ᠋ᠰ ᠨᠢ 100 ᠺᠢᠯᠤᠮᠥᠲᠷ ᠲᠤ ᠬᠦᠷᠴᠦ᠂ ᠪᠦᠷᠬᠦᠵᠦ ᠲᠠᠶᠢᠯᠬᠦᠶᠢᠴᠡ ᠬᠥᠮᠥᠨ ᠠᠮᠠ  ᠨᠢ 60 ᠭᠠᠷᠤᠢ ᠲᠦᠮᠡ ᠳᠤ ᠬᠦᠷᠴᠡᠢ᠃ ᠦᠷᠲᠡᠭᠡ ᠪᠠᠶᠢᠭᠤᠯᠤᠭᠳᠠᠭᠰᠠᠨ 40 ᠰᠢᠬᠠᠮ ᠵᠢᠯ ᠤᠨ ᠲᠤᠷᠰᠢ᠂ 851 ᠦᠷᠲᠡᠭᠡ  ᠶᠢᠨ ᠠᠵᠢᠯᠲᠠᠳ ᠡᠨᠡᠬᠦ ᠲᠠᠯ᠎ᠠ ᠨᠤᠲᠤᠭ ᠢᠶᠠᠨ ᠪᠠᠲᠤ ᠰᠠᠬᠢᠵᠤ᠂ ᠷᠠᠳᠢᠣ᠋ ᠨᠡᠪᠲᠡᠷᠡᠭᠦᠯᠭᠡ ᠶᠢᠨ ᠳᠣᠬᠢᠶ᠎ᠠ ᠶᠢ ᠲᠠᠰᠤᠷᠠᠯᠳᠡ ᠦᠭᠡᠢ ᠨᠠᠪᠲᠠᠷᠡᠭᠦᠯᠵᠦ᠂ ᠴᠢᠨᠠᠷ ᠰᠠᠶᠢᠲᠠᠢ ᠨᠡᠪᠲᠡᠷᠡᠭᠦᠯᠭᠡ ᠶᠢ ᠪᠠᠲᠤᠯᠠᠵᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠨᠡᠪᠲᠡᠷᠡᠭᠦᠯᠭᠡ  ᠶᠢ  ᠬᠦᠯᠢᠶᠡᠨ ᠠᠪᠴᠤ ᠳᠡᠶᠢᠯᠬᠦ ᠶᠢ ᠪᠠᠳᠤᠯᠠᠵᠠᠢ᠃ᠭᠠᠩᠳᠤᠯᠭ᠎ᠠᠰᠢᠯᠤᠭᠤᠨ ᠴᠠᠭᠠᠨ 851 ᠦᠷᠲᠡᠭᠡ  ᠶᠢᠨ ᠳᠡᠳ᠋ ᠦᠷᠲᠡᠬᠡᠨ ᠳᠠᠷᠤᠭ᠎ᠠ   ᠪᠢᠳᠡ ᠷᠠᠳᠢᠣ᠋ ᠨᠡᠪᠲᠡᠷᠡᠭᠦᠯᠭᠡ ᠶᠢᠨ ᠠᠮᠤᠷ ᠲᠦᠪᠰᠢᠨ ᠢᠶᠠᠷ ᠨᠡᠪᠲᠡᠷᠡᠭᠦᠯᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠪᠠᠰᠠ ᠰᠠᠭᠤᠭ᠎ᠠ ᠭᠠᠵᠠᠷ ᠤᠨ ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠳᠤ ᠦᠢᠯᠡᠴᠢᠯᠡᠬᠦ ᠶᠢ ᠴᠢᠬᠤᠯᠠᠴᠢᠯᠠᠵᠤ᠂ ᠡᠷᠬᠢᠨ ᠲᠣᠭᠤᠷᠢᠨ ᠤ ᠭᠠᠵᠠᠷ ᠣᠷᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠵᠦ᠂ ᠳᠣᠬᠢᠶ᠎ᠠ ᠰᠠᠴᠤᠷᠠᠭᠤᠯᠬᠤ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠨᠠᠮ ᠤᠨ ᠳᠠᠭᠤᠨ ᠢ ᠲᠠᠯ᠎ᠠ ᠨᠤᠲᠤᠭ ᠤᠨ ᠥᠨᠴᠥᠭ ᠪᠤᠯᠤᠩ ᠲᠤ ᠳᠠᠮᠵᠢᠭᠤᠯᠬᠤ ᠶᠢ  ᠪᠠᠳᠤᠯᠠᠨ᠎ᠠ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号