ᠰᠢᠯᠤᠭᠤᠨ ᠬᠥᠪᠡᠭᠡᠲᠦ ᠴᠠᠭᠠᠨ ᠬᠤᠰᠢᠭᠤ 2023 ᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠠᠩᠬᠠᠳᠤᠭᠠᠷ ᠤᠳᠠᠭᠠᠨ ᠤ  ᠵᠤᠷᠰᠢᠯ ᠬᠤᠷᠠᠯ ᠵᠢᠴᠢ ᠤᠯᠤᠰ ᠤᠨ ᠢᠳᠡᠭᠡᠨ ᠤ  ᠵᠦᠢᠯᠡᠰ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/6/20
ᠰᠢᠯᠤᠭᠤᠨ ᠬᠥᠪᠡᠭᠡᠲᠦ ᠴᠠᠭᠠᠨ ᠬᠤᠰᠢᠭᠤ 2023 ᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠠᠩᠬᠠᠳᠤᠭᠠᠷ ᠤᠳᠠᠭᠠᠨ ᠤ  ᠵᠤᠷᠰᠢᠯ ᠬᠤᠷᠠᠯ ᠵᠢᠴᠢ ᠤᠯᠤᠰ ᠤᠨ ᠢᠳᠡᠭᠡᠨ ᠤ  ᠵᠦᠢᠯᠡᠰ  ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ   6 ᠳ᠋ᠤᠭᠠᠷ ᠰᠠᠷ᠎ᠠ ᠶᠢᠨ 19 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤ 2023 ᠣᠨ ᠤ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠠᠩᠬᠠᠳᠤᠭᠠᠷ ᠤᠳᠠᠭᠠᠨ ᠤ  ᠵᠤᠷᠰᠢᠯ ᠬᠤᠷᠠᠯ ᠵᠢᠴᠢ ᠤᠯᠤᠰ ᠤᠨ ᠢᠳᠡᠭᠡᠨ ᠤ  ᠵᠦᠢᠯᠡᠰ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠷᠳᠡᠨᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ  ᠳᠡᠳ᠋ ᠳᠠᠷᠤᠭ᠎ᠠ  ᠦᠯᠵᠠᠶᠢᠮᠡᠨᠳᠦ ᠬᠤᠷᠠᠯ ᠡᠷᠭᠢᠯᠠᠪᠠ᠃   ᠬᠤᠷᠠᠯ ᠠᠴᠠ ᠪᠥᠬᠦ ᠠᠶᠢᠮᠠᠭ ᠤᠨ ᠤᠯᠤᠰ ᠤᠨ ᠢᠳᠡᠭᠡᠨ ᠤ ᠵᠦᠢᠯᠡᠰ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠡᠬᠢᠯᠡᠯᠲᠡ ᠶᠢᠨ ᠬᠤᠷᠠᠯ ᠵᠢᠴᠢ ᠪᠥᠬᠦ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ︽ᠰᠢᠯᠤᠭᠤᠨ ᠬᠥᠪᠡᠭᠡᠲᠦ ᠴᠠᠭᠠᠨ ᠬᠤᠰᠢᠭᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠡᠭᠦᠷᠭᠡ ᠶᠢᠨ ᠡᠬᠡ ᠡᠪᠬᠡᠮᠡᠯ︾ ᠳᠤ ᠲᠠᠶᠢᠯᠤᠮᠵᠢ ᠬᠢᠪᠡ᠃  ᠬᠤᠷᠠᠯ ᠠᠴᠠ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠪᠣᠯ ᠤᠯᠠᠨ ᠲᠦᠮᠡᠨ ᠤ ᠪᠤᠶᠠᠨ ᠵᠢᠷᠭᠠᠯ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠯ᠎ᠡ ᠪᠦᠷᠢᠯᠳᠦᠭᠦᠨ ᠨᠢᠭᠡᠴᠡ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠪᠠᠷᠢᠮᠵᠢᠶ᠎ᠠ ᠲᠠᠢ ᠬᠠᠷᠭᠤᠭᠤᠯᠵᠤ ᠳᠤᠲᠠᠭᠤᠳᠠᠯ ᠢᠶᠠᠨ ᠡᠷᠢᠵᠦ᠂ ᠳᠤᠲᠠᠭᠤᠳᠠᠯ ᠢᠶᠠᠨᠨᠥᠬᠦᠪᠦᠷᠢᠯᠡᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠵᠠᠰᠠᠯᠲᠠ ᠶᠢᠨ ᠰᠢᠰᠲ᠋ᠧᠮ ᠢ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠠᠵᠢᠯ ᠢ  ᠤᠨᠤᠪᠴᠢᠲᠠᠢ᠂ ᠨᠠᠷᠢᠯᠢᠭ᠂ ᠪᠣᠳᠠᠲᠠᠶᠢᠵᠢᠭᠤᠯᠬᠤ ᠪᠠᠷ ᠴᠢᠷᠮᠠᠶᠢᠬᠤ ᠬᠡᠷᠡᠭᠲᠡᠢ᠃  ᠬᠤᠷᠠᠯ ᠠᠴᠠ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠢᠮᠠᠭᠲᠠ ᠲᠠᠷᠤᠯᠲᠠ ᠪᠠᠨ ᠨᠡᠮᠡᠭᠳᠡᠬᠦᠯᠦᠨ᠂ ᠬᠦᠴᠦᠲᠡᠢ ᠠᠷᠭ᠎ᠠ ᠬᠡᠮᠵᠢᠶ᠎ᠠ ᠠᠪᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠠᠯ᠎ᠠ ᠶᠢᠨ ᠬᠦᠴᠦᠨ ᠢ ᠳᠠᠶᠢᠴᠢᠯᠠᠨ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号