ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠲᠥᠷᠥᠯ ᠵᠦᠢᠯ ᠤᠨ ᠠᠬᠢᠴᠡ ᠶᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/6/20
 ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠲᠥᠷᠥᠯ ᠵᠦᠢᠯ ᠤᠨ ᠠᠬᠢᠴᠡ ᠶᠢ ᠬᠢᠨᠠᠨ ᠵᠢᠯᠣᠭᠤᠳᠪᠠ   6 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠴᠢᠨᠠᠷ ᠰᠠᠶᠢᠲᠠᠢ ᠡᠭᠦᠯᠳᠡᠷ ᠤᠨ ᠮᠢᠬᠠᠨ ᠤ ᠦᠬᠡᠷ ᠤᠨ ᠭᠤᠣᠯ ᠡᠭᠦᠯᠳᠡᠷ  ᠪᠤᠶᠢᠵᠢᠭᠤᠯᠵᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ︽ᠡᠪᠡᠰᠦᠨ ᠤ ᠦᠢᠯᠡᠰ ᠢ ᠬᠥᠭᠵᠢᠭᠦᠯᠬᠦ︾ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ  ᠴᠡᠩᠬᠡᠯ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠰᠢᠪᠠᠳᠠᠨ ᠵᠢᠯᠣᠭᠤᠳᠪᠠ᠃   ᠯᠢᠦ ᠴᠠᠩ ᠴᠦᠨ ᠴᠢᠬᠤᠯᠠᠴᠢᠯᠠᠭᠰᠠᠨ ᠨᠢ᠂ ᠰᠢᠯᠢᠳᠡᠭ ᠡᠭᠦᠯᠳᠡᠷ ᠤᠨ ᠮᠢᠠᠨᠨ ᠤ  ᠦᠬᠡᠷ ᠤᠨ ᠭᠤᠣᠯ ᠡᠭᠦᠯᠳᠡᠷ ᠪᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ︽ᠡᠪᠡᠰᠦᠨ ᠤ ᠦᠢᠯᠡᠰ ᠢ ᠬᠥᠭᠵᠢᠭᠦᠯᠦᠨᠮᠠᠨᠳᠤᠭᠤᠯᠬᠤ︾ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠲᠥᠷᠥᠯ ᠵᠦᠢᠯ ᠪᠣᠯ ᠮᠠᠨ ᠤ ᠬᠤᠰᠢᠭᠤᠨ ᠤ ᠰᠠᠶᠢᠨ ᠡᠭᠦᠯᠳᠡᠷ ᠤᠨ ᠮᠠᠯ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ᠂ ᠡᠪᠡᠰᠦ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠪᠣᠭᠤᠮᠢ ᠶᠢ ᠰᠢᠪᠲᠤᠯᠬᠤ ᠵᠠᠩᠭᠢᠯᠠᠭ᠎ᠠ ᠶᠢᠨ ᠭᠠᠷᠳᠠᠴᠠ ᠮᠥᠨ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠤᠷᠢᠳᠴᠢᠯᠠᠨ ᠵᠢᠯᠤᠭᠤᠳᠴᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠲᠥᠷᠥᠯ ᠵᠦᠢᠯ ᠤᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠠᠵᠢᠯ ᠡᠷᠬᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠡᠯ᠎ᠡ ᠨᠢᠭᠡᠴᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠬᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠪᠠᠷᠢᠯᠭ᠎ᠠ ᠶᠢᠨ ᠲᠥᠰᠥᠯ ᠢᠶᠠᠨ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠨᠢᠭᠡᠳᠦᠯᠲᠡᠢ ᠲᠥᠯᠥᠪᠯᠡᠨ  ᠳᠤᠬᠢᠷᠠᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠡᠭᠦᠷᠭᠡ ᠶᠢᠨ ᠨᠠᠷᠢᠨ ᠲᠠᠩᠰᠠ ᠵᠢᠭᠰᠠᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号