ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ  ᠪᠦᠬᠡ ᠶᠢᠨ ᠤᠷᠤᠯᠳᠤᠭᠠᠨ  ᠶᠠᠪᠤᠭᠳᠠᠪᠠ‍
ᠨᠡᠶᠢᠲᠡᠯᠡᠭᠰᠡᠨ ᠴᠠᠭ᠄
2023/7/19
ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ  ᠪᠦᠬᠡ ᠶᠢᠨ ᠤᠷᠤᠯᠳᠤᠭᠠᠨ  ᠶᠠᠪᠤᠭᠳᠠᠪᠠ    6 ᠰᠠᠷ᠎ᠠ ᠶᠢᠨ 20  ᠤ ᠡᠳᠦᠷ ᠠᠴᠠ 21  ᠤ ᠡᠳᠦᠷ ᠪᠣᠯᠲᠠᠯ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠥᠬᠡ ᠶᠢᠨ ᠤᠷᠤᠯᠳᠤᠭᠠᠨ ᠢ ᠶᠠᠪᠤᠭᠳᠠᠭᠤᠯᠪᠠ᠃ ᠲᠤᠰ ᠤᠳᠠᠭ᠎ᠠ ᠶᠢᠨ ᠤᠷᠤᠯᠳᠤᠭᠠᠨ ᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠤᠷᠤᠯᠳᠤᠭᠠᠨ ᠳᠤ ᠡᠯ᠎ᠡ ᠬᠤᠰᠢᠭᠤ ᠰᠢᠶᠠᠨ ᠤ 256 ᠪᠥᠬᠡᠴᠢᠨ ᠣᠷᠣᠯᠴᠠᠵᠤ᠂ ᠪᠥᠬᠡ ᠶᠢᠨ ᠤᠷᠤᠯᠳᠤᠭᠠᠨ ᠬᠤᠷᠴᠠ ᠰᠢᠷᠦᠭᠦᠨ ᠶᠠᠪᠤᠭᠳᠠᠵᠤ᠂ ᠦᠵᠡᠭᠴᠢᠳ ᠲᠤ ᠭᠦᠨ ᠰᠠᠭᠤᠭᠳᠠᠯ ᠦᠯᠡᠳᠡᠭᠡᠵᠡᠢ᠃ ᠤᠷᠤᠯᠳᠤᠭᠠᠨ ᠤ ᠳᠤᠮᠳᠠ᠂ ᠡᠷᠡᠯᠬᠡᠭ ᠪᠠᠭᠠᠲᠤᠷ ᠪᠥᠬᠡᠴᠢᠳ ᠥᠪᠡᠷ ᠥᠪᠡᠷ ᠤᠨ ᠡᠷᠳᠡᠮ ᠴᠢᠳᠠᠪᠤᠷᠢ ᠪᠠᠨ ᠭᠠᠶᠢᠬᠠᠭᠤᠯᠵᠤ᠂  ᠤᠷᠢ ᠮᠡᠭᠡ ᠪᠠᠨ ᠦᠵᠡᠯᠴᠡᠪᠡ᠃ ᠮᠣᠩᠭᠤᠯ ᠪᠦᠬᠡ  ᠶᠢᠨ ᠪᠠᠭᠠᠲᠤᠷᠯᠢᠭ ᠴᠤᠭ ᠰᠦᠯᠳᠡ ᠪᠠᠨ ᠪᠠᠳᠠᠷᠠᠭᠤᠯᠵᠤ᠂ ᠪᠥᠬᠡ ᠶᠢᠨ ᠷᠢᠳᠢ ᠰᠢᠳᠢ ᠶᠢ  ᠪᠠᠳᠠᠷᠠᠭᠤᠯᠤᠭᠰᠠᠨ ᠪᠠᠶᠢᠨ᠎ᠠ
微信图片_20230719105709_副本.jpg
   ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠠᠭᠠᠨᠴᠠᠪ ᠰᠤᠮᠤᠨ ᠤ ᠬᠠᠩᠭᠠᠢ ᠡᠷᠡᠯᠬᠡᠭ ᠢᠶᠠᠷ ᠮᠠᠩᠯᠠᠶᠢᠯᠠᠪᠠ᠃ ᠲᠠᠮᠢᠷᠴᠢᠳ ᠣᠷᠭᠢᠯᠤᠮ᠎ᠠ ᠬᠠᠯᠠᠭᠤᠨ ᠰᠡᠳᠬᠢᠯᠭᠡ᠂ ᠮᠡᠷᠡᠶᠢᠨ ᠲᠡᠮᠡᠴᠡᠬᠦ ᠵᠣᠷᠢᠭ ᠰᠠᠨᠠᠭ᠎ᠠ ᠪᠠᠷ ᠪᠠᠳᠠᠷᠠᠭᠤᠯᠤᠨ᠂ ᠨᠥᠬᠦᠷᠯᠡᠯ  ᠪᠠ ᠬᠢᠷᠢ ᠲᠦᠪᠰᠢᠨ ᠢ ᠬᠤᠤᠰᠯᠠᠭᠰᠠᠨ ᠪᠦᠬᠡ ᠶᠢᠨ ᠤᠷᠤᠯᠳᠤᠭᠠᠨ ᠪᠤᠯᠤᠯ᠎ᠠ︕ 
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号