ᠰᠢᠯᠤᠭᠤᠨ ᠬᠥᠪᠡᠭᠡᠲᠦ ᠴᠠᠭᠠᠨ ᠬᠤᠰᠢᠭᠤ᠄ ᠰᠠᠶᠢᠨ ᠳᠤᠷ᠎ᠠ  ᠶᠢᠨ  ᠦᠢᠯᠡᠴᠢᠯᠡᠯᠬᠡ  ᠴᠤᠭ ᠵᠢᠪᠬᠤᠭ᠎ᠠ ᠪᠠᠨ  ᠪᠠᠳᠠᠷᠠᠭᠤᠯᠤᠨ ᠂ ᠦᠨᠡᠨᠴᠢ ᠰᠡᠳᠬᠢᠯᠬᠡ ᠪᠠᠷ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/8/15
ᠰᠢᠯᠤᠭᠤᠨ ᠬᠥᠪᠡᠭᠡᠲᠦ ᠴᠠᠭᠠᠨ ᠬᠤᠰᠢᠭᠤ᠄ ᠰᠠᠶᠢᠨ ᠳᠤᠷ᠎ᠠ  ᠶᠢᠨ  ᠦᠢᠯᠡᠴᠢᠯᠡᠯᠬᠡ  ᠴᠤᠭ ᠵᠢᠪᠬᠤᠭ᠎ᠠ ᠪᠠᠨ  ᠪᠠᠳᠠᠷᠠᠭᠤᠯᠤᠨ ᠂ ᠦᠨᠡᠨᠴᠢ ᠰᠡᠳᠬᠢᠯᠬᠡ ᠪᠠᠷ ᠬᠦᠴᠦᠨ ᠨᠡᠮᠡᠷᠢᠯᠡᠨ᠎ᠡ   8 ᠰᠠᠷ᠎ᠠ ᠶᠢᠨ 2 ᠤᠨ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ  ᠤ ᠨᠠᠭᠠᠳᠤᠮ ᠤᠨ ᠬᠤᠷᠠᠯ ᠦᠪᠡᠳᠡᠭᠰᠢ ᠶᠡᠭᠡ ᠪᠠᠷ ᠶᠠᠪᠤᠭᠳᠠᠵᠤ᠂ ᠥᠩᠭᠡ ᠢᠯᠭᠠᠷᠠᠭᠰᠠᠨ ᠲᠣᠭᠯᠠᠯᠲᠠ ᠶᠢᠨ ᠬᠡᠯᠪᠡᠷᠢ ᠪᠠ ᠦᠪᠡᠳᠡᠭᠰᠢ ᠶᠡᠭᠡ ᠪᠠᠶᠢᠳᠠᠯ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠥᠪᠡᠷᠮᠢᠴᠡ ᠰᠢᠳᠢ ᠲᠠᠢ  ᠬᠦᠮᠦᠨ ᠰᠣᠶᠣᠯ  ᠤᠨ ᠥᠩᠭᠡ ᠦᠵᠡᠮᠵᠢ ᠵᠢᠴᠢ ᠰᠢᠯᠤᠭᠤᠨ ᠴᠠᠭᠠᠨ ᠬᠤᠰᠢᠭᠤᠨ ᠤ ᠠᠷᠠᠳ ᠲᠦᠮᠡᠨ ᠤ  ᠬᠠᠯᠠᠭᠤᠮᠰᠤᠭ ᠵᠣᠴᠢᠨᠰᠠᠭ ᠪᠠᠶᠢᠳᠠᠯ ᠢ ᠢᠯᠡᠷᠡᠭᠦᠯᠪᠡ︕    ᠨᠠᠭᠠᠳᠤᠮ ᠤᠨ ᠬᠤᠷᠠᠯ ᠤᠨ ᠬᠤᠭᠤᠴᠠᠭᠠᠨ ᠳᠤ᠂ ᠬᠤᠰᠢᠭᠤᠨ ᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ 130 ᠭᠠᠷᠤᠢ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠲᠣᠰ ᠤᠳᠠᠭᠠᠨ ᠤ ᠨᠠᠭᠠᠳᠤᠮ ᠤᠨ ᠬᠤᠷᠠᠯ ᠳᠤ ᠦᠢᠯᠡᠴᠢᠯᠡᠪᠡ᠃ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠬᠤᠷᠠᠯ ᠤᠨ ᠲᠠᠯᠠᠪᠠᠢ ᠶᠢᠨ ᠵᠡᠭᠦᠨ ᠪᠠᠷᠠᠭᠤᠨ ᠬᠤᠶᠠᠷ ᠲᠠᠯ᠎ᠠ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠦᠷᠳᠡᠭᠡ ᠪᠠᠶᠢᠭᠤᠯᠵᠤ᠂ ᠤᠯᠠᠨ ᠲᠦᠮᠡᠨ ᠳᠤ ᠠᠮᠠᠷᠠᠬᠤ᠂ ᠬᠠᠯᠠᠭᠤᠨᠤᠰᠤ ᠂ ᠴᠠᠬᠢᠯᠭᠠᠨ ᠴᠡᠨᠡᠭᠯᠡᠬᠦ᠂  ᠪᠠᠴᠢᠮ ᠪᠠᠶᠢᠳᠠᠯ ᠢ ᠠᠷᠭᠠᠴᠠᠬᠤ ᠡᠮ ᠵᠡᠷᠭᠡ ᠶᠢᠨ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠡᠨᠡ ᠤᠳᠠᠭ᠎ᠠ ᠶᠢᠨ ᠨᠠᠭᠠᠳᠣᠮ ᠤᠨ ᠬᠤᠷᠠᠯ ᠤᠨ ᠤᠷᠤᠭᠰᠢᠲᠠᠢ ᠶᠠᠪᠤᠭᠳᠠᠬᠤ ᠳᠤ ︽ᠣᠯᠵᠤ ᠦᠵᠡᠬᠦ ᠦᠭᠡᠢ︾ ᠪᠠᠶᠢᠲᠠᠯ᠎ᠠ ︽ᠭᠠᠵᠠᠷ ᠰᠠᠢ ᠦᠬᠡᠢ ᠬᠠᠷᠠᠭᠳᠠᠬᠤ︾ ︽ᠬᠠᠷᠠᠮ ᠦᠭᠡᠢ ᠵᠣᠷᠢᠭᠤᠯᠬᠤ᠂  ᠬᠠᠶᠢᠷ᠎ᠠ ᠬᠠᠯᠠᠮᠵᠢ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠤᠶᠤᠨ ᠰᠠᠨᠠᠭᠠᠨ ᠤ ᠬᠦᠴᠦᠨ ᠢ ᠨᠡᠮᠡᠷᠢᠯᠡᠵᠡᠢ᠃ 
志愿者.jpg  
     ᠴᠤᠬ ᠵᠢᠪᠬᠤᠭ᠎ᠠ ᠪᠠᠳᠠᠷᠠᠭᠰᠠᠨ ᠨᠢ ᠨᠠᠭᠠᠳᠤᠮ ᠤᠨ ᠰᠠᠶᠢᠨ ᠳᠤᠷᠠᠴᠤᠳ ᠤᠨ ᠬᠠᠮᠤᠭ ᠤᠨ ᠰᠠᠶᠢᠨ ᠪᠣᠳᠠᠲᠤ ᠲᠡᠮᠳᠡᠭᠯᠡᠯ ᠪᠣᠯᠣᠨ᠎ᠠ᠃ ᠨᠠᠭᠠᠳᠤᠮ ᠤᠨ ᠶᠣᠰᠣᠯᠠᠯ ᠤᠨ ᠦᠢᠯᠡᠴᠢᠯᠡᠭᠡ᠂ ᠬᠥᠲᠥᠯᠥᠨ  ᠵᠢᠯᠤᠭᠤᠳᠴᠤ ᠯᠠᠪᠯᠠᠯᠭ᠎ᠠ ᠦᠵᠡᠬᠦᠯᠬᠦ᠂ ᠣᠷᠴᠢᠨ ᠲᠣᠭᠤᠷᠢᠨ ᠤ ᠴᠡᠪᠡᠷᠯᠡᠯᠲᠡ ᠵᠡᠷᠭᠡ ᠠᠵᠢᠯ ᠤᠨ ᠪᠠᠶᠢᠷᠢᠨ ᠳᠤ  ᠴᠦᠮ ᠰᠠᠶᠢᠨ ᠳᠤᠷᠠᠴᠤᠳ  ᠤᠨ ᠶᠠᠭᠠᠷᠠᠯᠲᠠᠢ ᠪᠠᠷ᠎ᠠ ᠨᠢ ᠬᠠᠷᠠᠭᠳᠠᠨ᠎ᠠ᠃ ᠰᠠᠶᠢᠨ ᠳᠤᠷᠠᠴᠤᠳ ᠤᠨ ᠨᠢᠭᠡᠪᠦᠷᠢ ᠴᠥᠮ ᠥᠪᠡᠷ ᠤᠨ ᠠᠵᠢᠯ ᠤᠨ ᠡᠭᠦᠷᠭᠡ ᠪᠠᠨ ᠨᠠᠷᠢᠨ ᠬᠢᠨᠠᠮᠠᠭᠠᠢ ᠡᠮᠬᠢᠯᠡᠵᠦ᠂ ᠥᠪᠡᠷ ᠢ ᠪᠠᠨ ᠨᠠᠭᠠᠳᠤᠮ ᠤᠨ ᠬᠤᠷᠠᠯ ᠤᠨ  ᠨᠢᠭᠡ ᠬᠡᠰᠡᠭ ᠪᠤᠯᠭᠠᠨ᠂ ᠰᠠᠶᠢᠨ ᠳᠤᠷᠠᠴᠤᠳ ᠡᠨᠡᠬᠦ ᠨᠠᠭᠠᠳᠤᠮ ᠤᠨ ᠬᠤᠷᠠᠯ ᠳᠤ  ᠦᠢᠯᠡᠴᠢᠯᠡᠨ ᠣᠷᠣᠯᠴᠠᠭᠰᠠᠨ ᠳᠠᠭᠠᠨ  ᠤᠮᠤᠭᠰᠢᠪᠠ ᠃ᠰᠠᠶᠢᠨ ᠳᠤᠷᠠᠴᠤᠳ᠂ ᠰᠠᠯᠬᠢ ᠰᠠᠯᠬᠢᠯᠠᠵᠤ ᠪᠣᠷᠣᠭᠠᠨ ᠣᠷᠣᠭᠰᠠᠨ ᠴᠤ ᠲᠡᠷᠡ᠂ ᠬᠠᠯᠠᠭᠤᠨ ᠨᠠᠷᠠ ᠳᠦᠬᠡᠬᠡᠨ ᠬᠠᠯᠠᠭᠰᠠᠨ ᠴᠦ ᠲᠡᠷᠡ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠠᠶᠢᠨ ᠳᠤᠷᠠᠴᠤᠳ ᠪᠣᠳᠠᠲᠤ ᠠᠵᠢᠯᠯᠠᠭ᠎ᠠ ᠪᠠᠷ ᠵᠶ᠋ᠠᠨ‌ᠵᠣᠷᠢᠭ ᠰᠠᠨᠠᠭᠠᠨ ᠤ ᠦᠨ᠎ᠡ ᠦᠷᠳᠡᠭ ᠪᠣᠯᠣᠨ ᠬᠦᠴᠦᠨ ᠴᠢᠳᠠᠯ ᠢ ᠲᠠᠶᠢᠯᠪᠤᠷᠢᠯᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠯᠠᠭᠤᠴᠤᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂ ᠡᠨᠡ ᠤᠳᠠᠭᠠᠨ ᠤ ᠦᠪᠡᠳᠡᠭᠰᠢ ᠶᠡᠭᠡ ᠶᠣᠰᠣᠯᠠᠯ ᠳᠤ ᠬᠢᠵᠠᠭᠠᠯᠠᠰᠢ ᠦᠭᠡᠢ ᠲᠠᠲᠠᠬᠤ ᠬᠦᠴᠦᠨ ᠪᠣᠯᠣᠨ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠬᠠᠷᠠᠮ ᠦᠭᠡᠢ ᠵᠣᠷᠢᠭᠤᠯᠬᠤ ᠪᠠ ᠨᠥᠬᠦᠷᠰᠡᠭ ᠬᠠᠶᠢᠷ᠎ᠠ ᠪᠠᠷ ᠢᠶᠠᠨ ᠡᠨᠡᠬᠦ ᠳᠡᠯᠬᠡᠷ ᠵᠤᠨ ᠤ ᠭᠤᠶᠢᠳᠠ ᠰᠠᠶᠢᠬᠠᠨ ᠬᠠᠭᠤᠳᠠᠰᠤ ᠶᠢ  ᠪᠢᠴᠢᠭᠯᠡᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号