ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 9 ᠳ᠋ᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠎ ᠢ  ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/17
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 9 ᠳ᠋ᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠎ ᠢ  ᠬᠤᠷᠠᠯᠳᠤᠭᠤᠯᠪᠠ     8 ᠰᠠᠷ᠎ᠠ ᠶᠢᠨ 15᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2023 ᠣᠨ ᠤ 9 ᠳ᠋ᠦᠭᠡᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠬᠤ ᠶᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠭᠦᠯᠵᠦ᠂ ᠤᠬᠠᠮᠰᠠᠷ ᠠᠴᠠ ᠪᠠᠨ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠪᠠᠷ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠦᠢᠯᠡᠳᠦᠯᠭᠡ ᠶᠢ ᠬᠥᠲᠥᠯᠥᠨ ᠳᠠᠭᠠᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠲᠤᠤᠱᠯᠠᠭᠤᠯᠬᠤ᠂ ᠮᠡᠳᠡᠷᠡᠮᠵᠢ ᠢᠲᠡᠬᠡᠯ ᠵᠤᠷᠢᠭ ᠠᠵᠢᠯᠯᠠᠭ᠎ᠠ ᠶᠢ ᠨᠢᠭᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃    ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠣᠯᠣᠨ ︽ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾᠎ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠦᠷᠢᠮ︾᠂ ︽ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠦᠢᠯᠡᠳᠬᠦ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠳᠦᠷᠢᠮ︾ ᠵᠡᠷᠭᠡ ᠪᠢᠴᠢᠭ ᠮᠠᠲᠧᠷᠢᠶᠠᠯ ᠢ ᠲᠥᠪᠯᠡᠷᠡᠭᠦᠯᠦᠨ ᠰᠤᠷᠤᠯᠴᠠᠵᠠᠢ᠃    ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠭᠦᠨ ᠳᠤ ᠲᠤᠤᠱᠯᠠᠭᠳᠠᠵᠤ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠴᠢᠷᠮᠠᠶᠢᠨ ᠡᠵᠡᠮᠰᠢᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠬᠠᠤᠯᠢ ᠪᠠᠷ  ᠬᠤᠰᠢᠭᠤ ᠎ ᠪᠠᠨ ᠵᠠᠰᠠᠬᠤ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠬᠤᠷᠠᠯ ᠠᠴᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠤᠬᠠᠮᠰᠠᠷ ᠢ ᠪᠤᠢ ᠪᠣᠯᠭᠠᠵᠤ᠂ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠬᠡᠷᠡᠭᠲᠡᠢ᠃ ᠬᠦᠨᠳᠦ ᠶᠡᠭᠡ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠵᠦ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠰᠢᠭᠯᠠᠨ ᠴᠤᠤᠷᠬᠠᠯ ᠲᠠᠯᠪᠢᠨ ᠬᠡᠷᠡᠭ ᠡᠳᠦᠬᠦ ᠵᠡᠷᠭᠡ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ ᠪᠠᠷᠢᠬᠤ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢᠨ ᠣᠷᠭᠠᠨᠢᠭ ᠢᠶᠠᠷ ᠨᠡᠪᠲᠡᠷᠡᠯᠴᠡᠬᠦ᠂ ᠬᠠᠷᠢᠯᠴᠠᠨ ᠵᠣᠬᠢᠴᠠᠯᠳᠤᠬᠤ ᠶᠢ  ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠨᠡᠶᠢᠳᠡᠮ ᠬᠠᠮᠤᠷᠬᠤ᠂ ᠵᠠᠢ ᠵᠠᠪᠰᠠᠷ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ︽ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ  ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠎ ᠶᠢ ᠠᠬᠢᠭᠤᠯᠤᠶ᠎ᠠ︾  ᠬᠡᠬᠦ  ᠬᠢᠴᠢᠶᠡᠯ ᠢ ᠦᠵᠡᠪᠡ᠃    ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ᠂ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号