ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/17

ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶᠠᠨ ᠤ

ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠬᠤᠷᠠᠯ ᠬᠤᠷᠠᠯᠳᠤᠪᠠ

8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ

ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ

ᠳᠤᠭᠤᠶᠢᠯᠠᠩ ᠤᠨ 2023 ᠣᠨ ᠤ ᠠᠩᠬᠠᠳᠤᠭᠠᠷ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ

ᠱᠦᠵᠢ ᠯᠢᠦ ᠴᠠᠩ ᠴᠦᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃

ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠳᠠᠪᠤᠷᠢᠲᠠᠨ ᠤ ᠠᠵᠢᠯ ᠢ ᠰᠠᠶᠢᠲᠤᠷ

ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠴᠢᠳᠠᠪᠤᠷᠢᠲᠠᠨ ᠤ

ᠠᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠢ ᠳᠠᠶᠢᠴᠢᠯᠠᠬᠤ ᠴᠢᠨᠠᠷᠲᠠᠢ

ᠦᠢᠯᠡᠳᠦᠯ ᠢ ᠭᠦᠨᠵᠡᠭᠡᠢ ᠲᠠᠨᠢᠵᠤ᠂ ᠴᠠᠭ ᠢᠮᠠᠭᠲᠠ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ

ᠰᠡᠳᠬᠢᠯᠭᠡ ᠪᠠᠷ ᠴᠢᠳᠠᠪᠤᠷᠢᠲᠠᠨ ᠤ ᠠᠵᠢᠯ ᠢ ᠴᠢᠩᠭ᠎ᠠ ᠠᠳᠬᠤᠬᠤ ᠬᠡᠷᠡᠭᠲᠡᠢ᠃ ︽ᠪᠦᠯᠬᠦᠮ ᠪᠠᠶᠢᠭᠤᠯᠬᠤ ᠮᠠᠶ᠋ᠢᠭ︾

 ᠤᠨ ᠬᠠᠪᠰᠤᠷᠤᠨ ᠲᠡᠳᠬᠦᠬᠦ ᠪᠠ ᠥᠪᠡᠷᠲᠡᠭᠡᠨ ᠵᠠᠰᠠᠬᠤ ᠣᠷᠣᠨ ᠤ ︽ᠭᠤᠷᠪᠠ ᠳᠤ ᠦᠢᠯᠡᠴᠢᠯᠡᠵᠦ ᠨᠢᠭᠡ ᠶᠢ

ᠠᠬᠢᠭᠤᠯᠬᠤ︾ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ

ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃

ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠬᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂

ᠴᠢᠳᠠᠪᠤᠷᠢᠲᠠᠨ ᠤ ᠲᠤᠬᠠᠢ ᠨᠠᠩ ᠢᠳᠡᠪᠬᠢᠲᠡᠢ᠂ ᠨᠡᠭᠡᠭᠡᠯᠲᠡᠲᠡᠢ᠂ ᠪᠦᠲᠦᠮᠵᠢᠲᠡᠶ ᠲᠥᠷᠥ ᠶᠢᠨ ᠪᠣᠳᠣᠯᠭ᠎ᠠ ᠶᠢ

ᠬᠡᠷᠡᠭᠵᠢᠭᠦᠯᠦᠨ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ

ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ

ᠲᠡᠭᠦᠯᠳᠡᠷ ᠴᠢᠳᠠᠪᠤᠷᠢᠲᠠᠨ ᠤ ᠲᠤᠯᠭᠠᠭᠤᠷᠢᠯᠠᠯ ᠪᠠ ᠪᠠᠲᠤᠯᠠᠭ᠎ᠠ ᠶᠢ ᠬᠠᠩᠭᠠᠬᠤ ᠬᠡᠷᠡᠭᠲᠡᠢ᠃

ᠬᠤᠷᠠᠯ ᠠᠴᠠ᠂ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠂ ᠴᠢᠳᠠᠪᠤᠷᠢᠲᠠᠨ ᠤ ᠠᠵᠢᠯ ᠢ

ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦ ᠲᠠᠯ᠎ᠠ ᠪᠠᠷ ᠠᠬᠢᠭᠤᠯᠬᠤ᠂ ᠱᠠᠯᠠᠪᠳᠠᠭᠤᠯᠤᠨ

ᠨᠠᠶᠢᠳᠠᠪᠤᠷᠢᠵᠢᠭᠤᠯᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ᠲᠤᠰ

ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ︽ᠳᠤᠲᠠᠭᠤᠳᠠᠯ ᠢ ᠨᠥᠬᠦᠪᠦᠷᠢᠯᠡᠬᠦ︾

ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠴᠢᠳᠠᠪᠤᠷᠢᠲᠠᠨ ᠢ ᠣᠷᠣᠭᠤᠯᠤᠨ ᠬᠥᠮᠥᠵᠢᠭᠦᠯᠬᠦ

ᠠᠵᠢᠯ ᠢ ᠬᠠᠮᠲᠤᠪᠠᠷ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ᠂

ᠥᠨᠳᠥᠷ ᠪᠦᠲᠦᠮᠵᠢᠲᠡᠢ ᠬᠠᠮᠵᠢᠯᠴᠠᠭᠰᠠᠨ᠂ ᠪᠦᠬᠦ ᠲᠠᠯ᠎ᠠ ᠪᠠᠷ ᠠᠬᠢᠭᠤᠯᠤᠭᠰᠠᠨ ᠴᠢᠳᠠᠪᠤᠷᠢᠲᠠᠨ ᠤ ᠠᠵᠢᠯ ᠤᠨ

ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠤᠰᠬᠠᠢ ᠮᠡᠷᠭᠡᠵᠢᠯᠲᠡᠨ ᠴᠢᠳᠠᠪᠤᠷᠢᠲᠠᠨ ᠲᠠᠢ ᠬᠠᠷᠢᠯᠴᠠᠬᠤ

ᠠᠵᠢᠯ ᠤᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠰᠡᠳᠬᠢᠯ

ᠲᠠᠯᠪᠢᠨ᠂ ᠦᠨᠡᠨᠴᠢ ᠰᠡᠳᠬᠢᠯᠭᠡ ᠪᠠᠷ᠂ ᠬᠦᠴᠦ ᠣᠷᠣᠭᠤᠯᠤᠨ ᠰᠠᠶᠢᠲᠤᠷ ᠬᠢᠵᠦ᠂ ᠲᠤᠰᠬᠠᠢ ᠮᠡᠷᠭᠡᠵᠢᠯᠲᠡᠨ

ᠴᠢᠳᠠᠪᠤᠷᠢᠲᠠᠨ ᠤ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠴᠢᠳᠠᠪᠤᠷᠢᠲᠠᠨ ᠢ

ᠬᠠᠶᠢᠷᠠᠯᠠᠵᠤ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠢ ᠪᠠᠭᠲᠠᠭᠠᠵᠤ ᠴᠢᠳᠠᠪᠤᠷᠢᠲᠠᠨ ᠢ ᠴᠤᠭᠯᠠᠭᠤᠯᠬᠤ

ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ  ᠬᠡᠪᠡ᠃  

ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ᠂ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠧᠨ ᠬᠠᠢ ᠯᠢᠩ᠂ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ᠂

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠢ᠂ ᠬᠡᠷᠡᠯᠲᠦ

ᠬᠤᠷᠠᠯ ᠳᠤ ᠣᠷᠣᠯᠴᠠᠵᠤ᠂ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ

ᠬᠤᠷᠠᠯ ᠳᠤ ᠣᠷᠣᠯᠴᠠᠵᠠᠢ᠃

ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶᠠᠨ ᠤ

ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠯᠤᠭᠤᠨ

ᠬᠥᠪᠡᠭᠡᠲᠦ ᠴᠠᠭᠠᠨ ᠬᠤᠰᠢᠭᠤᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ ︵

ᠲᠤᠷᠰᠢᠨ ᠬᠡᠷᠡᠭᠵᠢᠭᠦᠯᠬᠦ︶︾ ᠶᠢ ᠶᠠᠷᠢᠯᠴᠠᠨ ᠪᠠᠲᠤᠯᠠᠪᠠ᠃

 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号