ᠯᠢᠦ ᠴᠠᠩ ᠴᠦᠨ ᠶᠡᠬᠡᠨᠠᠭᠤᠷ ᠰᠤᠮᠤ᠂ ᠤᠯᠠᠭᠠᠨᠴᠠᠪ ᠰᠤᠮᠤ ᠪᠣᠯᠣᠨ ᠰᠢᠩ ᠶᠣᠣ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/17
ᠯᠢᠦ ᠴᠠᠩ ᠴᠦᠨ ᠶᠡᠬᠡᠨᠠᠭᠤᠷ ᠰᠤᠮᠤ᠂ ᠤᠯᠠᠭᠠᠨᠴᠠᠪ ᠰᠤᠮᠤ ᠪᠣᠯᠣᠨ ᠰᠢᠩ ᠶᠣᠣ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ    8 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠶᠡᠬᠡᠨᠠᠭᠤᠷ ᠰᠤᠮᠤ᠂ ᠤᠯᠠᠭᠠᠨᠴᠠᠪ ᠰᠤᠮᠤ ᠪᠠ ᠰᠢᠩ ᠶᠣᠣ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠯᠢᠦ ᡁᠢ ᠦ᠋᠂ ᠵᠠᠩ ᠠᠢ ᠯᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
微信图片_20230816155001_副本.jpg
   ᠯᠢᠦ ᠴᠠᠩ ᠴᠦᠨ ᠶᠡᠬᠡᠨᠠᠭᠤᠷ ᠰᠤᠮᠤ᠂ ᠤᠯᠠᠭᠠᠨᠴᠠᠪ ᠰᠤᠮᠤᠨ ᠳᠤ ᠠᠮᠢ ᠠᠬᠤᠢ ᠶᠢᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠤᠭ᠎ᠠ ᠶᠢ ᠤᠯᠠᠮ ᠴᠢᠨᠠᠭᠰᠢᠳᠠ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠭᠪᠤᠷ ᠢ ᠣᠨᠣᠪᠴᠢᠲᠠᠢ ᠰᠣᠩᠭᠤᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃   ᠯᠢᠦ ᠴᠠᠩ ᠴᠦᠨ ᠴᠢᠨᠠᠷ ᠰᠠᠶᠢᠲᠠᠢ ᠡᠭᠦᠯᠳᠡᠷ ᠤᠨ ᠮᠢᠬᠠᠨ ᠦᠬᠡᠷ ᠤᠨ ᠭᠤᠣᠯ ᠡᠭᠦᠯᠳᠡᠷ ᠪᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨ ᠾᠧ ᠡᠪᠡᠰᠦ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠲᠤᠬᠠᠢ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ︽ᠦᠷ᠎ᠡ ᠶᠢᠨ ᠢᠨᠵᠧᠨᠧᠷᠢᠩ︾ ᠪᠠ ︽ᠡᠪᠡᠰᠦ ᠤᠷᠭᠤᠮᠠᠯ   ᠤᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠪᠣᠯ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠤᠯ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠡᠭᠦᠯᠳᠡᠷ ᠤᠨ ᠦᠬᠡᠷ ᠤᠨ ᠲᠠᠯᠠᠪᠠᠶ ᠨᠢ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠰᠢᠨ᠎ᠡ ᠮᠡᠷᠭᠡᠵᠢᠯ ᠢ ᠬᠡᠷᠡᠭᠯᠡᠨ ᠳᠡᠯᠭᠡᠷᠡᠭᠦᠯᠬᠦ᠂ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ᠡᠭᠦᠯᠳᠡᠷ ᠤᠨ ᠦᠢᠯᠡᠰ ᠢ ᠪᠠᠶᠢᠭᠤᠯᠵᠤ᠂ 2025 ᠣᠨ ᠳᠤ ᠮᠠᠨ ᠤ ᠬᠤᠰᠢᠭᠤᠨ ᠤ ᠡᠭᠦᠯᠳᠡᠷ ᠤᠨ ᠦᠬᠡᠷ ᠤᠨ ᠲᠠᠯᠠᠪᠠᠶ ᠶᠢ ᠤᠯᠤᠰ ᠤᠨ ᠲᠠᠰ ᠤᠨ ᠭᠤᠣᠯᠯᠠᠬᠤ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠪᠠᠷᠢᠮᠵᠢᠶ᠎ᠠ ᠳᠤ ᠨᠡᠶᠢᠴᠡᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠡᠪᠡᠰᠦ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠬᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠵᠤ᠂ ᠦᠷ᠎ᠡ ᠪᠦᠲᠦᠮᠵᠢ ᠣᠯᠬᠤ ᠶᠢ ᠪᠠᠲᠤᠯᠠᠵᠤ᠂ ᠮᠠᠨ ᠤ ᠬᠤᠰᠢᠭᠤᠨ ᠤ ᠡᠪᠡᠰᠦ ᠪᠣᠷᠳᠤᠭ᠎ᠠ ᠡᠳ᠋ᠰᠢᠭᠦᠯᠬᠦ ᠠᠵᠤ ᠠᠬᠤᠶᠢᠯᠠᠯ ᠤᠨ ᠬᠤᠭᠤᠰᠤᠨ ᠢ ᠨᠥᠬᠦᠪᠦᠷᠢᠯᠡᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠠᠢ  ᠬᠡᠪᠡ᠃   ᠯᠢᠦ ᠴᠠᠩ ᠴᠦᠨ ᠨᠣᠺᠢᠨ ᠤ ᠨᠡᠬᠦᠷᠡᠰᠦᠲᠦᠷᠦᠭᠴᠢᠲᠦ ᠡᠯᠧᠮᠧᠨ᠋ᠲ᠂ ᠴᠢᠶᠠᠨ ᠶᠢᠨ ᠳ᠋ᠠ ᠵᠡᠷᠭᠡ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠭᠤᠷᠪᠠᠳᠤᠭᠠᠷ ᠤᠯᠠᠷᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠦᠢᠯᠡᠳᠪᠦᠷᠢᠯᠡᠯ ᠢᠶᠠᠨ ᠱᠠᠯᠠᠪᠳᠠᠨ᠂ ᠳᠠᠯᠳᠠ ᠬᠦᠴᠦᠨ ᠢ ᠭᠦᠢᠴᠡᠳ ᠠᠭᠤᠳᠠᠯᠵᠤ ᠴᠢᠳᠠᠪᠤᠷᠢ ᠪᠠᠨ ᠥᠷᠭᠡᠳᠬᠡᠨ ᠦᠷ᠎ᠡ ᠠᠰᠢᠭ ᠢᠶᠠᠨ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠵᠡᠷᠭᠡᠪᠡᠷ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠠᠵᠤ ᠠᠬᠤᠶᠢᠯᠠᠯ ᠤᠨ ᠬᠥᠭᠵᠢᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ  ᠬᠡᠪᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号