ᠰᠢᠯᠤᠭᠤᠨ ᠬᠥᠪᠡᠭᠡᠲᠦ ᠴᠠᠭᠠᠨ ᠬᠤᠰᠢᠭᠤ 2023 ᠣᠨ ᠤ ᠵᠠᠰᠠᠭ ᠤᠨ ᠣᠷᠳᠣᠨ ᠤ ᠲᠠᠪᠤᠳᠠᠭᠢ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶᠎ ᠤᠨ ᠬᠤᠷᠠᠯ ᠵᠢᠴᠢ ᠵᠠᠰᠠᠭ ᠤᠨ ᠣᠷᠳᠣᠨ ᠤ ᠰᠢᠰᠲ᠋ᠧᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/26
ᠰᠢᠯᠤᠭᠤᠨ ᠬᠥᠪᠡᠭᠡᠲᠦ ᠴᠠᠭᠠᠨ ᠬᠤᠰᠢᠭᠤ 2023 ᠣᠨ ᠤ ᠵᠠᠰᠠᠭ ᠤᠨ ᠣᠷᠳᠣᠨ ᠤ ᠲᠠᠪᠤᠳᠠᠭᠢ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶᠎ ᠤᠨ ᠬᠤᠷᠠᠯ ᠵᠢᠴᠢ ᠵᠠᠰᠠᠭ ᠤᠨ ᠣᠷᠳᠣᠨ ᠤ ᠰᠢᠰᠲ᠋ᠧᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ    9 ᠰᠠᠷ᠎ᠠ ᠶᠢᠨ 19᠎ ᠤ ᠡᠳᠦᠷ᠂ ᠬᠤᠰᠢᠭᠤ ᠨᠠᠮ ᠤᠨ ᠬᠤᠷᠢᠶᠠᠨ ᠤ  ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠷᠳᠡᠨᠢ 2023 ᠣᠨ ᠤ ᠵᠠᠰᠠᠭ ᠤᠨ ᠣᠷᠳᠣᠨ ᠤ ᠲᠠᠪᠤᠳᠠᠭᠢ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠵᠠᠰᠠᠭ ᠤᠨ ᠣᠷᠳᠣᠨ ᠤ ᠰᠢᠰᠲ᠋ᠧᠮ ᠤᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠦᠬᠦ ᠨᠠᠮ ᠤᠨ ᠬᠡᠪᠴᠢᠶᠡᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠲᠤᠬᠠᠢ ᠰᠠᠨᠠᠯ᠂ ᠲᠥᠪ ᠪᠠ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤ ᠤᠳᠤᠷᠢᠳᠤᠯᠭ᠎ᠠ ᠯᠢ ᠳ᠋ᠦᠩ ᠯᠢᠨ᠂ ᠰᠦᠨ ᠶᠢᠨ ᠭᠦᠸᠧ᠂ ᠪᠠᠢ ᠰᠢᠤᠸᠠᠢ ᠱᠠᠨ᠂ ᠴᠡᠩᠬᠡᠯ᠂ ᠵᠠᠩ ᠠᠢ ᠯᠦᠩ ᠬᠤᠷᠠᠯ ᠳᠤ ᠣᠷᠣᠯᠴᠠᠵᠠᠢ᠃    ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠴᠢᠩᠭ᠎ᠠ ᠬᠠᠷᠭᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠣᠯ ᠰᠡᠳᠦᠪ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠢ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠲᠡᠷᠡ ᠬᠡᠪ ᠢᠶᠠᠷ ᠎ ᠨᠢ ︽ᠰᠢᠩᠭᠡᠭᠡᠵᠦ︾᠂ ᠤᠭ ᠦᠨᠳᠦᠰᠦ ᠶᠢ ᠨᠢ ᠮᠥᠷᠳᠡᠵᠦ ︽ᠳᠣᠲᠣᠭᠰᠢᠯᠠᠭᠤᠯᠬᠤ︾᠎ ᠶᠢ ᠪᠡᠶᠡᠯᠡᠭᠦᠯᠵᠦ᠂ ᠦᠨᠡᠨ ᠢᠲᠡᠭᠡᠯ ᠲᠠᠢ ᠪᠠᠷ ︽ᠬᠤᠪᠢᠷᠠᠭᠤᠯᠬᠤ︾ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠪᠣᠳᠠᠲᠠᠶᠢᠵᠢᠭᠤᠯᠵᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠡᠶᠡᠴᠢᠯᠡᠨ ᠪᠠᠶᠢᠴᠠᠭᠠᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠣᠪᠤᠶᠢᠯᠭᠠᠨ᠂ ᠨᠠᠮ ᠤᠨ ᠤᠨᠤᠯ ᠢᠶᠠᠷ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠪᠠᠷ ᠲᠡᠮᠡᠴᠡᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾᠎ ᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠥᠨᠳᠥᠷ ᠬᠤᠪᠢ ᠲᠠᠢ ᠬᠠᠷᠢᠭᠤᠯᠲᠠ ᠲᠤᠰᠢᠶᠠᠬᠤ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠴᠢᠩᠳᠠᠯᠠᠵᠤ᠂ ᠨᠠᠷᠢᠨ ᠨᠢᠮᠪᠠᠢ ᠪᠠᠶᠢᠴᠠᠭᠠᠨ ᠲᠣᠳᠣᠷᠬᠠᠢ ᠬᠠᠭᠤᠳᠠᠰᠤ ᠭᠠᠷᠭᠠᠵᠤ᠂ ᠲᠥᠪ ᠴᠢᠩᠭ᠎ᠠ ᠨᠠᠷᠢᠨ ᠬᠢᠨᠠᠮᠠᠭᠠᠢ ᠪᠠᠶᠢᠴᠠᠭᠠᠨ ᠵᠠᠳᠠᠯᠤᠯᠲᠠ ᠬᠢᠵᠦ᠂ ᠦᠨᠡᠨᠬᠦ ᠴᠡᠭᠴᠡᠯᠡᠨ ᠰᠠᠶᠢᠵᠢᠷᠠᠭᠤᠯᠵᠤ᠂ ᠳᠦᠷᠢᠮ ᠲᠣᠭᠲᠠᠭᠠᠯ ᠎ ᠤᠨ ᠪᠠᠶᠢᠩᠭᠤ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号