ᠰᠢᠯᠤᠭᠤᠨ ᠬᠥᠪᠡᠭᠡᠲᠦ ᠴᠠᠭᠠᠨ ᠬᠤᠰᠢᠭᠤ ᠳᠣᠣᠷ᠎ᠠ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ | ᠬᠤᠷᠠᠯ ᠬᠢᠪᠡ |  9 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ | 2023 ᠣᠨ ᠤ ᠳᠣᠣᠷ᠎ᠠ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠬᠤᠷᠠᠯᠳᠤᠪᠠ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠳᠠᠷᠤᠭ᠎ᠠ ᠴᠧᠨ ᠬᠠᠢ ᠯᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠭᠤᠸ ᡁᠢ ᠶᠢᠨ᠂ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳᠦᠬᠦᠷᠡᠩ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠴᠠᠩ ᠬᠠᠢ ᠯᠢᠨ ᠶᠡᠭᠡ ᠬᠤᠷᠠᠯ ᠳᠤ ᠤᠷᠤᠯᠴᠠᠪᠠ᠃ |  ᠶᠡᠭᠡ ᠬᠤᠷᠠᠯ ᠨᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠨ ᠳᠠᠭᠤᠯᠠᠬᠤ ᠶᠢᠨ ᠳᠠᠭᠠᠤ ᠬᠥᠰᠢᠭᠡ ᠪᠠᠨ ᠰᠡᠬᠦᠵᠦ᠂ ᠴᠡᠷᠢᠭ ᠠᠩᠭᠢ ᠪᠠ ᠣᠷᠣᠨ ᠨᠤᠲᠤᠭ ᠤᠨ | ᠤᠳᠤᠷᠢᠳᠤᠯᠭ᠎ᠠ ᠬᠠᠮᠲᠤᠪᠠᠷ ᠴᠡᠷᠢᠭ ᠲᠤ ᠡᠯᠰᠡᠭᠳᠡᠭᠰᠡᠨ ᠵᠠᠯᠠᠭᠤᠴᠤᠳ ᠤᠨ ᠴᠡᠷᠢᠭ ᠲᠤ ᠣᠷᠣᠬᠤ ᠵᠠᠷᠯᠢᠭ ᠢ | ᠨᠡᠶᠢᠲᠡᠯᠡᠵᠦ᠂ ᠰᠢᠨ᠎ᠡ ᠴᠡᠷᠢᠭ ᠲᠤ ᠴᠡᠷᠢᠭ ᠲᠤ ᠣᠷᠣᠬᠤ ᠮᠡᠳᠡᠭᠳᠡᠯ ᠤᠨ ᠪᠢᠴᠢᠭ᠂ ᠴᠡᠷᠢᠭ ᠤᠨ ᠠᠯᠪᠠᠨ ᠠᠴᠠ | ᠡᠮᠦᠨᠡᠬᠢ ᠰᠤᠷᠭᠠᠨ ᠬᠥᠮᠦᠵᠢᠯ ᠤᠨ ᠰᠤᠷᠤᠯᠭ᠎ᠠ ᠲᠡᠭᠦᠰᠦᠭᠰᠡᠨ ᠦᠨᠡᠮᠯᠡᠯ ᠪᠣᠯᠣᠨ ᠳᠤᠷᠠᠰᠬᠠᠯ ᠤᠨ ᠡᠳ᠋ ᠣᠯᠭᠤᠵᠤ᠂ | ᠰᠢᠨ᠎ᠡ ᠴᠡᠷᠢᠭ ᠤᠨ ᠭᠡᠷ ᠤᠨ ᠠᠬᠠᠮᠠᠳ ᠬᠦᠦ ᠳᠡᠭᠡᠨ ᠴᠡᠷᠢᠭ ᠲᠤ ᠣᠷᠣᠬᠤ ᠢᠷᠠᠭᠤ ᠠᠯᠳᠠᠷ ᠤᠨ ᠪᠦᠴᠡ ᠪᠣᠯᠣᠨ | ᠲᠣᠮᠣ ᠤᠯᠠᠭᠠᠨ ᠴᠡᠴᠡᠭ ᠵᠡᠭᠦᠯᠭᠡᠪᠡ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠦᠬᠦᠷᠡᠩ ᠪᠣᠯᠣᠨ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠴᠠᠩ ᠬᠠᠢ ᠯᠢᠨ ᠬᠤᠰᠢᠭᠤ ᠨᠠᠮ ᠤᠨ ᠬᠤᠷᠢᠶ᠎ᠠ | ᠵᠠᠰᠠᠭ ᠤᠨ ᠣᠷᠳᠣᠨ ᠢ ᠲᠥᠯᠥᠭᠡᠯᠡᠨ ᠶᠠᠷᠢᠶ᠎ᠠ ᠲᠠᠯᠪᠢᠵᠤ᠂ ᠲᠡᠳᠡᠨ ᠤ ᠴᠡᠷᠢᠭ ᠲᠤ ᠡᠯᠰᠡᠭᠳᠡᠭᠰᠡᠨ ᠳᠤ ᠪᠠᠶᠠᠷ | ᠬᠦᠷᠭᠡᠵᠦ᠂ ᠨᠠᠮ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠴᠡᠷᠢᠭ ᠲᠤ | ᠣᠷᠣᠵᠤ ᠤᠯᠤᠰ ᠲᠠᠭᠠᠨ ᠵᠢᠳᠬᠦᠬᠦ ᠬᠦᠰᠡᠯ ᠢᠲᠡᠭᠡᠯ ᠢᠶᠠᠨ ᠪᠠᠲᠤᠳᠬᠠᠵᠤ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ᠂ ᠴᠡᠷᠢᠭ ᠢᠶᠠᠨ ᠬᠦᠴᠦᠷᠬᠡᠭᠵᠢᠭᠦᠯᠦᠨ | ᠴᠡᠷᠢᠭ ᠢᠶᠠᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠵᠦ᠂ ᠭᠡᠷ ᠨᠤᠲᠤᠭ ᠪᠠ ᠲᠥᠷᠥᠯ ᠰᠠᠳᠤᠨ ᠳᠠᠭᠠᠨ ᠢᠷᠠᠭᠤ | ᠠᠯᠳᠠᠷ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ |  ᠦᠳᠡᠨ ᠮᠣᠷᠳᠠᠭᠤᠯᠬᠤ ᠶᠡᠭᠡ ᠬᠤᠷᠠᠯ ᠳᠡᠭᠡᠷ᠎ᠡ᠂ ᠬᠤᠰᠢᠭᠤ ᠤᠯᠠᠭᠠᠨᠮᠥ᠋ᠴᠢᠷ ᠤᠨ ᠡᠷᠦᠬᠡ ᠶᠢᠨ ᠴᠡᠷᠢᠭ ᠤᠨ | ᠬᠤᠪᠢᠶᠠᠷᠢ ᠠᠩᠭᠢ ᠪᠣᠯᠣᠨ ᠴᠠᠬᠠᠷ ᠠᠶᠠᠯᠭᠤ ᠲᠣᠬᠤᠨᠢᠭᠤᠯᠬᠤ ᠲᠣᠭᠯᠠᠯᠲᠠ ᠭᠠᠷᠭᠠᠵᠠᠢ᠃ ᠳᠠᠷᠠᠭ᠎ᠠ ᠳᠤᠨᠢ᠂ ᠰᠢᠨ᠎ᠡ | ᠴᠡᠷᠢᠭ ᠤᠨ ︽ᠰᠠᠶᠢᠨ ᠡᠷ᠎ᠡ ᠴᠡᠷᠢᠭ ᠲᠤ ᠶᠠᠪᠤᠬᠤ ᠬᠡᠷᠡᠭᠲᠡᠢ︾ ᠭᠡᠬᠦ ᠳᠠᠭᠤᠤ ᠶᠢᠨ ᠠᠶᠠᠰ ᠢᠶᠠᠷ᠂ ᠨᠤᠲᠤᠭ ᠤᠨ | ᠠᠷᠠᠳ ᠲᠦᠮᠡᠨ ᠲᠠᠢ ᠭᠠᠷ ᠳᠠᠯᠠᠯᠤᠨ ᠠᠶᠠᠷᠯᠠᠵᠤ᠂ ᠤᠯᠤᠰ ᠭᠡᠷ ᠢᠶᠠᠨ ᠬᠠᠮᠠᠭᠠᠯᠠᠬᠤ ᠰᠢᠨ᠎ᠡ ᠠᠶᠠᠨ ᠳᠠᠭᠠᠨ | ᠮᠤᠷᠳᠠᠪᠠ᠃ | | | | | | |