ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 63 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 3 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/26
ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 63 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 3 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
   微信图片_20230920115900.jpg

9 ᠰᠠᠷ᠎ᠠ ᠶᠢᠨ 18 ᠤ ᠡᠳᠦᠷ  ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠠᠷᠪᠠᠨ ᠳᠥᠷᠪᠡᠳᠦᠭᠡᠷ

ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 63 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ

ᠵᠢᠴᠢ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ

ᠳᠤᠭᠤᠶᠢᠯᠠᠩ ᠤᠨ 2023 ᠣᠨ ᠤ 3 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ

 ᠠᠴᠠ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠥᠷᠨᠢᠭᠦᠯᠦᠭᠰᠡᠨ ᠪᠠᠶᠢᠳᠠᠯ᠂

ᠪᠥᠬᠦ ᠬᠤᠰᠢᠭᠤᠨ ᠤ 2023 ᠣᠨ ᠤ ᠲᠥᠷᠥᠯ ᠵᠦᠢᠯ ᠤᠨ ᠪᠡᠯᠡ ᠮᠥᠩᠭᠦ ᠶᠢᠨ ᠠᠬᠢᠴᠠ ᠵᠢᠴᠢ 2024 ᠣᠨ ᠤ

ᠲᠥᠷᠥᠯ ᠵᠦᠢᠯ ᠤᠨ ᠲᠥᠰᠥᠪᠯᠡᠯ ᠢ ᠬᠥᠮᠥᠷᠭᠡ ᠳᠤ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ

ᠤᠯᠤᠰ ᠤᠨ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠶᠢᠨ ︽ᠡᠷᠬᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠨᠢᠭᠤᠴᠠ ᠪᠠᠷ ᠰᠤᠷᠪᠤᠯᠵᠢᠯᠠᠨ

ᠪᠠᠶᠢᠴᠠᠭᠠᠨ ᠰᠤᠳᠤᠯᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ

ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ

ᠪᠠᠶᠢᠷᠢᠯᠠᠭᠤᠯᠪᠠ᠃

   ᠬᠤᠷᠠᠯ ᠠᠴᠠ᠂ 2023 ᠣᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠷᠦᠯ

ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠵᠤ᠂ ᠪᠡᠯᠡ ᠮᠥᠩᠭᠦ ᠭᠠᠷᠭᠠᠨ ᠥᠭᠬᠦ ᠨᠤᠷᠮ᠎ᠠ ᠶᠢ

ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠳᠤ ᠬᠦᠷᠭᠡᠬᠦ ᠬᠡᠷᠡᠭᠲᠡᠢ᠃ 2024 ᠣᠨ ᠤ ᠲᠦᠷᠦᠯ ᠵᠦᠢᠯ ᠢ ᠰᠢᠨᠵᠢᠯᠡᠬᠦ

ᠤᠬᠠᠭᠠᠨᠴᠢ ᠪᠠᠷ ᠲᠥᠯᠥᠪᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ

ᠴᠢᠭᠯᠡᠯ ᠤᠨ ᠲᠣᠭᠤᠷᠢᠨ ᠳᠤ᠂ ᠨᠢᠭᠡ ᠪᠦᠯᠦᠭ ᠳᠤᠲᠠᠭᠤᠳᠠᠯ ᠢ ᠨᠥᠬᠦᠪᠦᠷᠢᠯᠡᠬᠦ᠂ ᠰᠠᠭᠤᠷᠢ ᠲᠠᠯᠪᠢᠬᠤ᠂ ᠠᠯᠤᠰ

ᠬᠡᠳᠦ ᠳᠤ ᠠᠰᠢᠭᠲᠠᠢ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠢ ᠲᠣᠭᠲᠠᠭᠠᠵᠤ᠂ ᠬᠠᠰᠢᠶᠠᠯᠠᠨ ᠲᠡᠵᠢᠭᠡᠬᠦ ᠪᠠ

ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠠᠬᠢᠭᠤᠯᠬᠤ ᠰᠠᠭᠤᠷᠢ ᠶᠢ ᠪᠠᠲᠤᠳᠬᠠᠬᠤ ᠬᠡᠷᠡᠭᠲᠡᠢ ᠬᠡᠵᠦ ᠱᠠᠭᠠᠷᠳᠠᠪᠠ

  微信图片_20230920115900_1.jpg

ᠬᠤᠷᠠᠯ ᠠᠴᠠ᠂ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠬᠢᠵᠦ᠂

ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ ᠪᠦᠬᠦ ᠲᠠᠯ᠎ᠠ ᠪᠠᠷ᠂ ᠥᠨᠴᠥᠭ

ᠪᠤᠯᠤᠩ ᠦᠭᠡᠢ ᠪᠠᠶᠢᠴᠠᠭᠠᠵᠤ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ

ᠠᠷᠭ᠎ᠠ ᠬᠡᠮᠵᠢᠶ᠎ᠡ ᠲᠣᠭᠲᠠᠭᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠢ ᠲᠣᠳᠣᠷᠬᠠᠶᠢᠯᠠᠵᠤ᠂ ᠰᠠᠯᠠᠭ᠎ᠠ

ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠱᠠᠯᠠᠪᠳᠠᠭᠤᠯᠤᠨ‌‍ᠪᠠᠶᠢᠴᠠᠭᠠᠬᠤ ᠶᠢ ᠰᠠᠶᠢᠲᠤᠷ ᠬᠢᠵᠦ᠂

ᠪᠤᠢ ᠪᠦᠬᠦᠢ ᠠᠰᠠᠭᠤᠳᠠᠯ ᠢ ᠴᠠᠭ ᠲᠤᠬᠠᠢ ᠳᠤᠨᠢ ᠴᠢᠨᠠᠷ ᠴᠢᠨᠰᠠᠭ᠎ᠠ ᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ

ᠬᠡᠷᠡᠭᠲᠡᠢ ᠭᠡᠵᠦ ᠴᠢᠬᠤᠯᠠᠴᠢᠯᠠᠪᠠ᠃

   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ ᠵᠢᠴᠢ

ᠪᠦᠯᠦᠭ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠷᠳᠡᠨᠢᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠪᠤᠯᠠᠭ ᠵᠢᠴᠢ ᠡᠯ᠎ᠡ ᠰᠤᠮᠤ ᠪᠠᠯᠭᠠᠰᠤᠨ ᠤ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ

ᠬᠤᠷᠠᠯ ᠳᠤ ᠰᠤᠯᠠ ᠣᠷᠣᠯᠴᠠᠪᠠ᠃

 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号