ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ  ᠬᠤᠰᠢᠭᠤ ᠨᠠᠮ ᠤᠨ ᠬᠤᠷᠢᠶᠠᠨ ᠤ 60 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/6
ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ  ᠬᠤᠰᠢᠭᠤ ᠨᠠᠮ ᠤᠨ ᠬᠤᠷᠢᠶᠠᠨ ᠤ 60 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ  ᠬᠤᠷᠠᠯᠳᠤᠭᠤᠯᠪᠠ    8 ᠰᠠᠷ᠎ᠠ ᠶᠢᠨ 30᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 60 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠢ ᠭᠠᠵᠠᠷ ᠤᠨ ᠵᠠᠰᠠᠨ ᠰᠡᠷᠬᠦᠬᠡᠵᠦ ᠢᠯᠠᠯᠲᠠ ᠤᠯᠬᠤ ᠤᠳᠤᠷᠢᠳᠬᠤ ᠳᠤᠭᠤᠶᠢᠯᠠᠩ ᠤᠨ 2023 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠶᠠᠷ ᠱᠠᠲᠤᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠨᠥᠬᠦᠷ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯᠡᠰᠦᠷᠬᠡᠭ ᠢ ᠭᠠᠵᠠᠷ ᠤᠨ ᠵᠠᠰᠠᠨ ᠰᠡᠷᠬᠦᠬᠡᠵᠦ ᠢᠯᠠᠯᠲᠠ ᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ︽ᠤᠮᠠᠷᠠᠲᠤ ᠶᠢᠨ ᠭᠤᠷᠪᠠᠨ ᠣᠷᠣᠨ︾᠎ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠪᠣᠯᠣᠨ᠎ᠠ᠂ ᠮᠥᠨᠴᠦ ᠪᠢᠳᠡᠨ ᠤ ᠡᠷᠬᠡᠪᠰᠢ ᠰᠠᠶᠢᠲᠤᠷ ᠪᠡᠶᠡᠯᠡᠭᠦᠯᠬᠦ ᠬᠡᠷᠡᠭᠲᠡᠢ ᠤᠯᠤᠰ ᠲᠦᠷᠦ ᠶᠢᠨ ᠡᠭᠦᠷᠭᠡ ᠪᠣᠯᠣᠨ᠎ᠠ᠃ ᠪᠥᠬᠦ ᠬᠤᠰᠢᠭᠤᠨ ᠤ ᠡᠯᠡᠰᠦᠷᠬᠡᠭ ᠭᠠᠵᠠᠷ ᠤᠨ ᠣᠳᠣᠬᠢ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠪᠣᠳᠠᠲᠠᠢ ᠲᠠᠢ ᠪᠠᠨ ᠤᠶᠠᠯᠳᠤᠭᠤᠯᠤᠨ ᠵᠠᠰᠠᠬᠤ ᠠᠷᠭ᠎ᠠ ᠮᠠᠶ᠋ᠢᠭ ᠪᠠ ᠳᠠᠷᠢᠬᠤ ᠲᠥᠷᠥᠯ ᠵᠦᠢᠯ ᠢ ᠵᠣᠬᠢᠰᠲᠠᠢ ᠰᠣᠩᠭᠤᠬᠤ ᠬᠡᠷᠡᠭᠲᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷ ᠥᠨᠵᠢᠭᠦᠯᠬᠦ ᠶᠢ ᠴᠠᠭᠠᠵᠠᠯᠠᠬᠤ ᠳᠦᠷᠢᠮ ᠤᠨ ᠤᠬᠠᠭᠤᠯᠭ᠎ᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠲᠥᠪᠯᠡᠷᠡᠭᠦᠯᠦᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠨᠢ ᠲᠦᠷᠭᠡᠳᠬᠡᠨ ᠬᠤᠪᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠃ ᠪᠥᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠤᠬᠠᠭᠤᠯᠵᠤ ᠬᠥᠲᠥᠯᠥᠨ ᠵᠢᠯᠤᠭᠤᠳᠬᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ‌‍ᠪᠠᠷ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠠᠵᠢᠯ ᠢ ᠡᠷᠡᠰ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠ᠊ ᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠵᠢᠴᠢ ᠬᠤᠰᠢᠭᠤᠨ ᠨᠠᠮ ᠤᠨ ᠬᠤᠷᠢᠶᠠᠨ ᠤ ᠭᠡᠷ ᠲᠡᠭᠡᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠷᠳᠡᠨᠢᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠤᠯᠠᠭ ᠵᠢᠴᠢ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号