ᠰᠢᠯᠤᠭᠤᠨ ᠬᠥᠪᠡᠭᠡᠲᠦ ᠴᠠᠭᠠᠨ ᠬᠤᠰᠢᠭᠤ ᠴᠢᠳᠠᠪᠤᠷᠢᠲᠠᠨ ᠨᠤᠲᠤᠭ ᠲᠠᠭᠠᠨ ᠪᠤᠴᠠᠬᠤ ᠲᠤᠰᠬᠠᠢ ᠰᠡᠳᠦᠪᠲᠦ | ᠲᠠᠶᠢᠯᠤᠮᠵᠢ ᠥᠷᠨᠢᠭᠦᠯᠪᠡ | ᠰᠢᠯᠤᠭᠤᠨ ᠬᠥᠪᠡᠭᠡᠲᠦ ᠴᠠᠭᠠᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠴᠢᠳᠠᠪᠤᠷᠢᠲᠠᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ︽ᠬᠤᠨ ᠭᠠᠯᠠᠭᠤ ᠶᠢᠨ ᠢᠨᠵᠧᠨᠧᠷᠢᠩ︾ ᠢ ᠬᠡᠷᠡᠭᠵᠢᠬᠦᠯᠦᠨ᠂ ᠴᠢᠳᠠᠪᠤᠷᠢᠲᠠᠨ ᠤ ᠡᠬᠢ ᠪᠠᠶᠠᠯᠢᠭ ᠢ ᠭᠦᠨᠵᠡᠭᠡᠢ | ᠠᠭᠤᠳᠠᠯᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠷᠢᠶ᠎ᠠ ᠲᠠᠢ ᠭᠠᠳᠠᠨ᠎ᠠ ᠪᠠᠶᠢᠭ᠎ᠠ ᠴᠢᠳᠠᠪᠤᠷᠢᠲᠠᠨ | ᠯᠤᠭ᠎ᠠ ᠶᠢᠨ ᠣᠯᠣᠯᠴᠠᠭ᠎ᠠ ᠬᠠᠷᠢᠯᠴᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠤ ᠲᠤᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠨᠤᠲᠤᠭ ᠤᠨ ᠬᠥᠭᠵᠢᠯᠲᠡ ᠳᠤ | ᠬᠦᠴᠦᠨ ᠴᠢᠲᠠᠯ ᠢᠶᠠᠨ ᠨᠡᠮᠡᠷᠢᠯᠡᠨ᠎ᠡ᠃ | 9 ᠰᠠᠷ᠎ᠠ ᠶᠢᠨ 2 ᠤᠨ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤ ᠨᠤᠲᠤᠭ ᠲᠠᠢ ᠨᠠᠮ ᠵᠠᠰᠠᠭ ᠤᠨ | ᠴᠢᠳᠠᠪᠤᠷᠢᠲᠠᠨ ︱ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠲᠣᠮᠢᠯᠠᠭᠰᠠᠨ ᠠᠶᠢᠮᠠᠭ ᠤᠨ ᠬᠤᠪᠢᠶᠠᠷᠢ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠵᠣᠣ ᡁᠢ ᠵᠢᠶᠠᠩ ᠨᠥᠬᠦᠷ ᠪᠣᠯᠣᠨ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ | ᠠᠯᠪᠠᠨ ᠭᠡᠷ ᠤᠨ ᠳᠡᠳ᠋ ᠡᠷᠬᠢᠯᠡᠭᠴᠢ ᠯᠢᠦ ᠰᠢ ᠸᠧᠨ ᠨᠥᠬᠦᠷ ᠢ ᠲᠤᠰᠬᠠᠶᠢᠯᠠᠨ ᠤᠷᠢᠵᠤ᠂ ᠮᠠᠨ ᠤ ᠬᠤᠰᠢᠭᠤᠨ ᠤ ︽ | ᠢᠳᠡᠷ ᠵᠠᠯᠠᠭᠤ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ︾ | ᠶᠢᠨ ᠰᠤᠷᠤᠭᠴᠢᠳ ᠲᠤ ᠬᠢᠴᠢᠶᠡᠯ ᠣᠷᠣᠭᠤᠯᠪᠠ᠃ ᠲᠡᠳᠡ᠂ ᠶᠡᠷᠦᠩᠬᠡᠢ ᠱᠦᠵᠢ ᠰᠢ ᠶᠢᠨ ᠫᠢᠩ ᠶᠢᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ᠠᠯᠪᠠᠨ ᠭᠡᠷ ᠤᠨ ᠠᠵᠢᠯ ᠵᠢᠴᠢ | ᠠᠯᠪᠠᠨ ᠪᠢᠴᠢᠭ ᠪᠢᠴᠢᠬᠦ ᠵᠡᠷᠭᠡ ᠠᠭᠤᠯᠭ᠎ᠠ ᠶᠢ ᠲᠣᠰ ᠪᠡᠶ᠎ᠡ ᠶᠢᠨ ᠠᠵᠢᠯ ᠤᠨ ᠦᠢᠯᠡᠳᠦᠯᠭᠡ ᠲᠠᠢ ᠪᠠᠨ | ᠤᠶᠠᠯᠳᠤᠭᠤᠯᠤᠨ᠂ ᠪᠥᠬᠦ ᠲᠠᠯ᠎ᠠ ᠪᠠᠷ ᠰᠢᠰᠲ᠋ᠧᠮ ᠲᠠᠢ ᠪᠠᠷ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠤᠬᠠᠭᠤᠯᠤᠨ | ᠲᠠᠶᠢᠯᠪᠤᠷᠢᠯᠠᠬᠤ ᠪᠠ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ᠂ ᠮᠠᠨ ᠤ ᠬᠤᠰᠢᠭᠤᠨ ᠤ ᠢᠳᠡᠷ | ᠵᠠᠯᠠᠭᠤ ᠺᠠᠳ᠋ᠷᠴᠤᠳ ᠤᠨ ᠶᠡᠷᠦᠩᠬᠡᠢ ᠬᠡᠪ ᠴᠢᠨᠠᠷ ᠤᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠤ᠂ | ᠴᠢᠳᠠᠪᠤᠷᠢᠲᠠᠨ ᠨᠤᠲᠤᠭ ᠤᠰᠤᠨ ᠳᠠᠭᠠᠨ ᠪᠤᠴᠠᠨ ᠢᠷᠡᠬᠦ ᠶᠢ ᠬᠥᠲᠥᠯᠥᠨ ᠤᠬᠠᠭᠤᠯᠪᠠ᠃ | ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠤᠨ | ᠠᠭᠤᠯᠭ᠎ᠠ ᠨᠢ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠵᠤ᠂ ᠬᠡᠷᠡᠭᠯᠡᠭᠡᠨ ᠤ ᠴᠢᠨᠠᠷ ᠪᠠ ᠠᠵᠢᠯᠯᠠᠭᠠᠨ ᠤ | ᠴᠢᠨᠠᠷ ᠢᠶᠠᠷ ᠴᠢᠩᠭ᠎ᠠ ᠪᠠᠶᠢᠵᠤ᠂ ᠬᠤᠶᠢᠰᠢᠳᠠ ᠶᠢᠨ ᠠᠵᠢᠯ ᠤᠨ ᠳᠤᠮᠳᠠ᠂ ᠶᠡᠷᠦᠩᠬᠡᠢ ᠬᠡᠪ ᠴᠢᠨᠠᠷ ᠢᠶᠠᠨ ᠴᠢᠷᠮᠠᠶᠢᠨ | ᠳᠡᠭᠡᠭᠰᠢᠯᠡᠭᠦᠯᠵᠦ᠂ ᠨᠠᠮᠴᠢ ᠴᠢᠨᠠᠷ ᠤᠨ ᠦᠵᠡᠯᠲᠡ ᠪᠠᠨ ᠲᠠᠰᠤᠷᠠᠯᠲᠠ ᠦᠭᠡᠢ ᠴᠢᠩᠭᠠᠳᠬᠠᠨ᠂ ᠢᠯᠵᠠᠷᠠᠯ ᠢ | ᠡᠰᠡᠷᠬᠦᠴᠡᠵᠦ ᠬᠤᠷᠢᠭ᠎ᠠ ᠱᠤᠭᠤᠮ ᠢ ᠪᠠᠲᠤ ᠪᠠᠬᠢ ᠪᠠᠶᠢᠭᠤᠯᠵᠤ᠂ ᠲᠣᠰ ᠪᠡᠶ᠎ᠡ ᠶᠢᠨ ᠠᠯᠪᠠᠨ ᠪᠢᠴᠢᠭ ᠤᠨ ᠵᠣᠬᠢᠶᠠᠨ | ᠪᠢᠴᠢᠬᠦ ᠴᠢᠨᠠᠷ ᠴᠢᠨᠰᠠᠭ᠎ᠠ ᠪᠠ ᠠᠵᠢᠯᠯᠠᠭᠠᠨ ᠤ ᠵᠢᠷᠤᠮᠵᠢᠭᠤᠯᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ | ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠢᠶᠠᠨ ᠠᠬᠢᠭᠤᠯᠬᠤ ᠳᠤ ᠲᠤᠰ ᠪᠠᠶᠠᠨ ᠤ ᠬᠤᠪᠢ ᠨᠡᠮᠡᠷᠢ ᠪᠠᠨ | ᠦᠵᠡᠭᠦᠯᠦᠨ᠎ᠡ᠃ | ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠢᠳᠡᠷ ᠵᠠᠯᠠᠭᠤᠴᠤᠳ ᠤᠨ ᠠᠩᠭᠢ ᠶᠢᠨ ᠰᠣᠷᠣᠭᠴᠢ᠂ | ᠡᠯ᠎ᠡ ᠰᠤᠮᠤ ᠪᠠᠯᠭᠠᠰᠤ᠂ ᠬᠤᠰᠢᠭᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠡᠯ᠎ᠡ | ᠨᠢᠭᠡᠴᠡ᠂ ᠡᠯ᠎ᠡ ᠠᠷᠠᠳ ᠤᠨ ᠪᠦᠯᠬᠦᠮ ᠤᠨ ᠬᠤᠪᠢᠳᠠᠨ ᠬᠠᠮᠢᠶᠠᠷᠬᠤ ᠠᠯᠪᠠᠨ ᠭᠡᠷ ᠤᠨ ᠤᠳᠤᠷᠢᠳᠤᠯᠭ᠎ᠠ ᠵᠢᠴᠢ ᠨᠠᠷᠢᠨ | ᠪᠢᠴᠢᠭᠡᠴᠢ ᠨᠡᠶᠢᠲᠡ 150 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ | |