ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠯᠤᠭ᠎ᠠ ᠬᠤᠯᠪᠣᠭᠳᠠᠨ᠎ᠠ︕ ᠡᠨᠡ ᠬᠦ ᠶᠠᠪᠤᠳᠠᠯ ᠢ ᠲᠣᠰ ᠰᠠᠷ᠎ᠠ ᠶᠢᠨ ᠳᠣᠲᠣᠷ᠎ᠠ ᠭᠦᠢᠴᠡᠳᠬᠡᠭᠡᠷᠡᠢ
ᠨᠡᠶᠢᠲᠡᠯᠡᠭᠰᠡᠨ ᠴᠠᠭ᠄
2024/12/25
ᠠᠩᠬᠠᠷ    2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠬᠤ ᠠᠵᠢᠯ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠪᠡ᠃    ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ APP ᠢᠶᠠᠷ 2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠵᠤ ᠪᠣᠯᠤᠨ᠎ᠠ᠃    ᠡᠷᠬᠡᠪᠰᠢ ᠲᠤᠰ ᠰᠠᠷ᠎ᠠ ᠳᠤ ᠭᠦᠢᠴᠡᠳᠬᠡᠭᠡᠷᠡᠢ    ᠪᠣᠳᠠᠲᠠᠢ ᠠᠯᠬᠤᠮ ᠨᠢ ᠳᠣᠣᠷᠠᠬᠢ ᠮᠡᠲᠦ    ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ App ︵个人所得税App︶ ᠢ ᠨᠡᠭᠡᠭᠡᠵᠦ᠂ ︽ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠶᠢ ᠲᠠᠭᠯᠠᠨ ᠮᠡᠳᠡᠭᠦᠯᠬᠦ︾ ︵专项附加扣除填报︶ ᠬᠡᠰᠡᠭ ᠢ ᠳᠠᠷᠤᠭᠠᠷᠠᠢ
6386780781674835546468375.jpg
ᠰᠠᠨᠠᠭᠤᠯᠤᠮᠵᠢ᠄    ᠭᠠᠶᠢᠯᠢ ᠲᠤᠰᠢᠶᠠᠭᠴᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 1 ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠷᠠᠭ᠎ᠠ ᠵᠢᠯ ᠤᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠶᠢᠨ ᠠᠭᠤᠯᠭ᠎ᠠ ᠪᠠᠨ ᠨᠤᠲᠠᠯᠠᠨ᠎ᠠ᠃    ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠲᠥᠷᠥᠯ ᠵᠦᠢᠯ ᠳᠤ ᠦᠷ᠎ᠡ ᠬᠡᠤᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠢᠶᠠᠨ ᠠᠰᠠᠷᠠᠨ ᠲᠡᠵᠢᠭᠡᠬᠦ᠂ ᠨᠢᠯᠬ᠎ᠠ ᠬᠡᠤᠬᠡᠳ ᠢ ᠠᠰᠠᠷᠠᠨ ᠲᠡᠵᠢᠭᠡᠬᠦ ᠵᠡᠷᠭᠡ ᠲᠤᠯᠤᠭᠠᠨ ᠵᠦᠢᠯ ᠪᠠᠭᠲᠠᠨ᠎ᠠ᠃    ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ App ᠢ ᠪᠠᠭᠤᠯᠭᠠᠵᠤ ᠠᠪᠤᠭᠠᠳ ᠵᠠᠰᠠᠵᠤ᠂ ᠨᠤᠲᠠᠯᠠᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号