ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 10 ᠰᠠᠷ᠎ᠠ ᠶᠢᠨ 22 ᠤᠨ ᠴᠠᠭᠢᠯᠭᠠᠨ ᠮᠡᠳᠡᠭᠡ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ᠄ ᠰᠦᠨ ᠬᠤᠤ ᠯᠢᠦ ᠺᠠᠢ︶ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ | 22 ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠽᠠᠨ ᠳᠤ ᠯᠠᠤᠰ ᠤᠨ ᠠᠷᠠᠳ ᠤᠨ ᠬᠤᠪᠢᠰᠬᠠᠯᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠠᠭᠤᠯᠵᠠᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 22 ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠺᠠᠽᠠᠨ ᠳᠤ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ | ᠸᠧᠢ ᠰᠡᠭᠦᠳᠡᠷᠯᠡᠪᠡ | | | ᠰᠢ ᠶᠢᠨ ᠫᠢᠩ᠂ ᠨᠢᠳᠤᠨᠤᠨ ᠤ 10 ᠰᠠᠷ᠎ᠠ ᠳᠤ ᠪᠢᠳᠡ ᠳᠤᠮᠳᠠᠳᠤ ᠯᠠᠤᠰ ᠤᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ | ᠨᠢᠭᠡ ᠵᠢᠯ ᠤᠨ ᠲᠤᠷᠰᠢ᠂ ᠬᠤᠶᠠᠷ ᠨᠠᠮ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠡᠯ᠎ᠡ ᠣᠷᠣᠨ | ᠨᠤᠲᠤᠭ ᠤᠨ ᠬᠢᠨ ᠢᠳᠡᠪᠬᠢᠲᠡᠢ ᠨᠠᠶᠢᠳᠠᠪᠤᠷᠢᠵᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠠᠵᠤ ᠠᠬᠤᠢ ᠠᠷᠠᠯᠵᠢᠶᠠᠨ ᠤ | ᠪᠡᠯᠡ ᠣᠷᠣᠭᠤᠯᠤᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠳᠤ ᠪᠠᠶᠠᠯᠢᠭ | ᠦᠷ᠎ᠡ ᠪᠦᠲᠦᠭᠡᠯ ᠣᠯᠬᠤ ᠶᠢ ᠠᠬᠢᠭᠤᠯᠪᠠ᠃ ᠨᠡᠶᠢᠭᠡᠮ ᠵᠢᠷᠤᠮ ᠤᠨ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ | ᠬᠤᠪᠢ ᠳᠤ᠂ ᠳᠤᠮᠳᠠᠳᠤ ᠯᠠᠤᠰ ᠤᠨ ᠬᠠᠷᠢᠯᠴᠠᠭ᠎ᠠ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ | ᠬᠠᠷᠢᠯᠴᠠᠭ᠎ᠠ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠢᠮᠠᠭᠲᠠ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠶᠠᠭᠠᠬᠢᠵᠤ | ᠬᠤᠪᠢᠷᠠᠭᠰᠠᠨ ᠴᠤ ᠳᠤᠮᠳᠠᠳᠤ ᠤᠯᠤᠰ ᠪᠣᠯ ᠥᠨᠢ ᠡᠭᠦᠷᠢᠳᠡ ᠯᠠᠤᠰ ᠤᠨ ᠨᠠᠶᠢᠳᠠᠪᠤᠷᠢᠲᠠᠢ ᠨᠠᠶᠢᠵᠠ ᠪᠠ ᠬᠠᠨᠢᠲᠠᠨ | ᠮᠥᠨ᠃ | ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠯᠠᠤᠰ ᠴᠤ ᠤᠯᠤᠰ ᠤᠨ ᠬᠥᠭᠵᠢᠯ ᠮᠠᠨᠳᠤᠯ ᠤᠨ | ᠰᠢᠨ᠎ᠡ ᠱᠠᠲᠤᠨ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠯᠠᠤᠰ ᠯᠤᠭ᠎ᠠ ᠪᠠᠶᠢᠯᠳᠤᠬᠤ | ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠦᠷᠭᠦᠯᠵᠢᠯᠡᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠯᠠᠤᠰ ᠯᠤᠭ᠎ᠠ ᠰᠣᠯᠢᠯᠴᠠᠭ᠎ᠠ ᠲᠣᠯᠢᠳᠠᠯ ᠢᠶᠠᠨ ᠴᠢᠩᠭᠠᠳᠬᠠᠵᠤ᠂ | ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ | ᠲᠠᠯ᠎ᠠ ᠪᠠᠷ ᠦᠷᠭᠦᠯᠵᠢᠯᠡᠨ ᠬᠠᠷᠢᠯᠴᠠᠨ ᠡᠷᠡᠰ ᠳᠡᠮᠵᠢᠯᠴᠡᠨ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠯᠠᠤᠰ ᠤᠨ | ᠲᠡᠮᠦᠷ ᠵᠠᠮ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠤᠮᠳᠠᠳᠤ ᠯᠠᠤᠰ ᠤᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠢ ᠪᠤᠢ ᠪᠣᠯᠭᠠᠶ᠎ᠠ᠃ ᠳᠤᠮᠳᠠᠳᠤ ᠤᠯᠤᠰ | ᠳᠤᠷᠠᠲᠠᠶ᠎ᠠ ᠯᠠᠤᠰ ᠤᠨ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠵᠤ᠂ ᠰᠤᠷᠭᠠᠨ | ᠬᠥᠮᠦᠵᠢᠯ᠂ ᠰᠣᠶᠣᠯ᠂ ᠵᠠᠯᠠᠭᠤᠴᠤᠳ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠤᠨ᠎ᠠ᠃ | ᠯᠠᠤᠰ ᠤᠨ ᠬᠢᠨ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠢ | ᠠᠮᠵᠢᠯᠲᠠ ᠲᠠᠢ ᠭᠤᠣᠯᠯᠠᠨ ᠡᠷᠭᠢᠯᠡᠭᠰᠡᠨ ᠳᠤ ᠪᠠᠶᠠᠷ ᠬᠦᠷᠭᠡᠵᠦ᠂ ᠯᠠᠤᠰ ᠤᠨ ᠬᠢᠨ ᠤ ᠠᠯᠳᠠᠨ ᠲᠣᠭᠤᠰᠭ᠋᠎ᠠ | ᠤᠯᠤᠰ ᠤᠳ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠪᠣᠯᠣᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ | ᠬᠠᠮᠲᠤ ᠪᠠᠷ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠲᠦᠩᠯᠦ᠋ᠨ᠂ ᠨᠢᠳᠤᠨᠤᠨ ᠪᠢ ᠳᠤᠮᠳᠠᠳᠤ ᠤᠯᠤᠰ ᠲᠤ ᠬᠦᠷᠴᠦ ᠭᠤᠷᠪᠠᠳᠤᠭᠠᠷ ᠬᠤᠭᠤᠴᠠᠭᠠᠨ ᠤ ︽ᠨᠢᠭᠡ | ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ | ᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠲᠠᠢ ᠬᠠᠮᠲᠤ ᠪᠠᠷ ᠯᠠᠤᠰ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠡᠪᠯᠡᠯ ᠤᠨ ᠠᠵᠢᠯᠯᠠᠭᠠᠨ ᠤ ᠲᠥᠯᠥᠪᠯᠡᠭᠡ ᠳᠤ ᠭᠠᠷ ᠤᠨ ᠦᠰᠦᠭ | ᠵᠢᠷᠤᠪᠠ᠃ ᠣᠳᠣᠬᠠᠨ ᠳᠤ ᠬᠤᠯᠪᠣᠭᠳᠠᠯ ᠪᠦᠬᠦᠢ ᠨᠠᠶᠢᠳᠠᠪᠤᠷᠢᠵᠢᠭᠤᠯᠬᠤ ᠠᠵᠢᠯᠯᠠᠭ᠎ᠠ ᠬᠦᠴᠦᠲᠡᠢ ᠪᠥᠭᠡᠳ | ᠪᠦᠲᠦᠮᠵᠢᠲᠡᠶ ᠶᠠᠪᠤᠭᠳᠠᠵᠤ ᠪᠠᠶᠢᠨ᠎ᠠ᠃ ᠯᠠᠤᠰ ᠳᠤᠮᠳᠠᠳᠤ ᠶᠢᠨ ᠬᠠᠷᠢᠯᠴᠠᠭ᠎ᠠ ᠶᠠᠭ ᠲᠡᠦᠬᠡ ᠶᠢᠨ ᠬᠠᠮᠤᠭ ᠤᠨ ᠰᠠᠶᠢᠨ | ᠴᠠᠭ ᠦᠶ᠎ᠡ ᠳᠤ ᠣᠷᠣᠰᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠭᠦᠨᠴᠡ᠂ ᠥᠷᠭᠡᠴᠡ ᠡᠳᠦᠷ ᠢᠷᠡᠬᠦᠶ᠎ᠡ | ᠥᠷᠭᠡᠵᠢᠵᠦ ᠪᠠᠶᠢᠨ᠎ᠠ᠃ ᠳᠤᠮᠳᠠᠳᠤ ᠤᠯᠤᠰ ᠤᠷᠲᠤ ᠬᠤᠭᠤᠴᠠᠭᠠᠨ ᠤ ᠲᠤᠷᠰᠢ ᠯᠠᠤᠰ ᠲᠤ ᠡᠷᠬᠢᠮ ᠨᠠᠨᠳᠢᠨ | ᠳᠡᠮᠵᠢᠯᠭᠡ ᠦᠵᠡᠭᠦᠯᠵᠦ᠂ ᠯᠠᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ | ᠳᠤᠮᠳᠠᠳᠤ ᠤᠯᠤᠰ ᠯᠤᠭ᠎ᠠ ᠯᠠᠤᠰ ᠳᠤᠮᠳᠠᠳᠤ ᠶᠢᠨ ᠲᠡᠮᠦᠷ ᠵᠠᠮ ᠪᠣᠯᠣᠨ ᠯᠠᠤᠰ ᠳᠤᠮᠳᠠᠳᠤ ᠶᠢᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠯᠠᠤᠰ ᠳᠤᠮᠳᠠᠳᠤ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ ᠯᠠᠤᠰ ᠤᠨ ᠨᠠᠮ ᠪᠣᠯᠣᠨ ᠵᠠᠰᠠᠭ ᠤᠨ | ᠣᠷᠳᠣᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠵᠦ᠂ | ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ | ᠭᠤᠶᠢᠪᠢᠰᠢ ᠦᠭᠡᠢ ᠳᠡᠮᠵᠢᠵᠦ᠂ ᠳᠤᠮᠳᠠᠳᠤ ᠤᠯᠤᠰ ᠤᠨ ᠲᠠᠶᠢᠸᠠᠨ ᠲᠠᠢ ᠬᠤᠯᠪᠣᠭᠳᠠᠭᠰᠠᠨ᠂ ᠰᠢᠶᠠᠩᠭᠠᠩ ᠲᠠᠢ | ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ ᠵᠡᠷᠭᠡ ᠠᠰᠠᠭᠤᠳᠠᠯ ᠳᠡᠭᠡᠷᠡᠬᠢ ᠵᠦᠢ ᠶᠣᠰᠣᠨ ᠤ | ᠵᠣᠭᠰᠣᠯᠲᠠ ᠶᠢ ᠳᠡᠮᠵᠢᠬᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ᠃ ᠯᠠᠤᠰ ᠤᠨ ᠬᠢᠨ ᠤ ᠵᠡᠭᠦᠨ ᠠᠽᠢᠶ᠎ᠠ ᠶᠢᠨ | ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠬᠤᠷᠠᠯ ᠢ ᠭᠤᠣᠯᠯᠠᠨ ᠡᠷᠭᠢᠯᠡᠭᠦ ᠳᠤ ᠳᠤᠮᠳᠠᠳᠤ ᠤᠯᠤᠰ ᠤᠨ | ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠯᠠᠤᠰ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠵᠡᠷᠭᠡ ᠤᠯᠠᠨ ᠲᠠᠯᠠᠲᠤ | ᠲᠠᠪᠴᠠᠩ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠨᠢᠭᠲᠠᠷᠠᠭᠤᠯᠤᠨ᠎ᠠ ᠭᠡᠵᠦ ᠢᠯᠡᠷᠬᠡᠶᠢᠯᠡᠪᠡ᠃ | ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ |