ᠥᠨᠳᠥᠷ ᠲᠤ ᠵᠣᠭᠰᠣᠨ ᠠᠯᠤᠰ ᠢ ᠪᠠᠷᠠᠯᠠᠵᠤ ᠳᠠᠪᠬᠤᠷ ᠳᠠᠪᠬᠤᠷ ᠰᠠᠭᠠᠳ ᠬᠦᠴᠢᠷᠳᠡᠯ ᠢ ᠳᠠᠪᠠᠵᠤ | ︽ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠶ᠎ᠠ | – ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ | ᠠᠭᠤᠯᠵᠠᠯᠲᠠ ᠳᠡᠭᠡᠷᠡᠬᠢ ᠶᠠᠷᠢᠶ᠎ᠠ | ︵2024 ᠣᠨ ᠤ 10 ᠰᠠᠷ᠎ᠠ ᠶᠢᠨ 23 ᠤ ᠡᠳᠦᠷ᠂ ᠺᠠᠽᠠᠨ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠫᠦᠲ᠋ᠢᠨ᠂ | ᠬᠠᠮᠲᠤ ᠠᠵᠢᠯᠯᠠᠭᠰᠠᠳ ᠠ᠋᠄ | ᠲᠦᠷᠦᠭᠦᠴᠦᠳ ᠤᠨ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠶ᠎ᠡ᠂ ᠶᠡᠷᠦᠩᠬᠡᠶᠢᠯᠡᠭᠴᠢ | ᠫᠦᠲ᠋ᠢᠨ ᠵᠢᠴᠢ ᠡᠷᠭᠢᠯᠡᠭᠴᠢ ᠤᠯᠤᠰ ᠤᠷᠤᠰ ᠤᠨ ᠬᠢᠨ ᠤ ᠨᠢᠮᠪᠠᠢ ᠲᠣᠬᠢᠷᠠᠭᠤᠯᠵᠤ ᠬᠠᠯᠠᠭᠤᠨ ᠢᠶᠠᠷ ᠵᠣᠴᠢᠯᠠᠭᠰᠠᠨ ᠳᠤ | ᠲᠠᠯᠠᠷᠬᠠᠵᠤ ᠪᠠᠶᠢᠨ᠎ᠠ᠃ | ᠪᠢ ᠡᠨᠡ ᠵᠠᠪᠰᠢᠶᠠᠨ ᠢᠶᠠᠷ ᠰᠢᠨ᠎ᠡ ᠪᠦᠷᠢᠯᠳᠦᠭᠦᠨ ᠨᠠᠷ ᠤᠨ ᠠᠯᠲᠠᠨ ᠲᠣᠭᠤᠰᠭ᠋᠎ᠠ ᠶᠢᠨ ᠶᠡᠭᠡ ᠭᠡᠷ ᠪᠦᠯᠢ ᠳᠤ | ᠣᠷᠣᠵᠤ ᠢᠷᠡᠭᠰᠡᠨ ᠢ ᠳᠠᠬᠢᠨᠲᠠ ᠪᠠᠶᠠᠷᠯᠠᠨ ᠤᠭᠲᠤᠵᠤ ᠪᠠᠶᠢᠨ᠎ᠠ᠃ ᠪᠦᠷᠢᠯᠳᠦᠭᠦᠨ ᠢᠶᠠᠨ ᠥᠷᠭᠡᠳᠬᠡᠬᠦ ᠪᠣᠯ ᠠᠯᠳᠠᠨ | ᠲᠣᠭᠤᠰᠭ᠋᠎ᠠ ᠤᠯᠤᠰ ᠤᠳ ᠤᠨ ᠬᠥᠭᠵᠢᠯᠲᠡ ᠶᠢᠨ ᠲᠡᠦᠬᠡᠨ ᠳᠡᠭᠡᠷᠡᠬᠢ ᠴᠢᠬᠤᠯᠠ ᠬᠥᠰᠢᠶ᠎ᠡ ᠲᠡᠮᠳᠡᠭ ᠪᠣᠯᠣᠨ᠎ᠠ᠂ ᠪᠠᠰᠠ | ᠴᠤ ᠤᠯᠠᠨ ᠤᠯᠤᠰ ᠤᠨ ᠪᠠᠶᠢᠷᠢᠰᠢᠯ ᠤᠨ ᠬᠤᠪᠢᠰᠤᠯᠲᠠ ᠶᠢᠨ ᠪᠡᠯᠭᠡ ᠲᠡᠮᠳᠡᠭ ᠤᠨ ᠴᠢᠨᠠᠷᠲᠠᠢ ᠬᠡᠷᠡᠭ ᠶᠠᠪᠤᠳᠠᠯ | ᠪᠣᠯᠣᠨ᠎ᠠ᠃ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠪᠢᠳᠡ ᠪᠠᠰᠠ ᠠᠷᠪᠢᠨ ᠤᠯᠤᠰ ᠢ ᠤᠷᠢᠵᠤ | ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠤᠯᠤᠰ ᠪᠤᠯᠭᠠᠬᠤ ᠪᠠᠷ ᠲᠣᠭᠲᠠᠪᠠ᠃ ᠡᠨᠡ ᠪᠣᠯ ᠠᠯᠳᠠᠨ | ᠲᠣᠭᠤᠰᠭ᠋᠎ᠠ ᠤᠯᠤᠰ ᠤᠳ ᠤᠨ ᠬᠥᠭᠵᠢᠯᠲᠡ ᠶᠢᠨ ᠶᠠᠪᠤᠴᠠ ᠳᠠᠬᠢ ᠪᠠᠰᠠ ᠨᠢᠭᠡᠨ ᠴᠢᠬᠤᠯᠠ ᠠᠬᠢᠴᠠ ᠪᠣᠯᠣᠨ᠎ᠠ᠃ | ᠳᠤᠮᠳᠠᠳᠤᠴᠤᠳ᠄ ︽ᠡᠷᠳᠡᠮᠲᠡᠨ ᠮᠡᠷᠭᠡᠳ ᠤᠴᠢᠷ ᠢ ᠰᠢᠢᠳᠪᠦᠷᠢᠯᠡᠬᠦᠢ ᠳᠤᠷ ᠵᠢᠷᠤᠮ ᠨᠡᠶᠢᠯᠡᠪᠡᠰᠦ ᠠᠰᠢᠭ ᠪᠣᠯᠣᠮᠤᠢ︾ | ᠭᠡᠵᠦ ᠪᠠᠶᠢᠩᠭᠤ ᠶᠠᠷᠢᠳᠠᠭ᠃ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠨᠢ ᠬᠠᠮᠲᠤ ᠶᠢᠨ | ᠬᠥᠭᠡᠭᠡᠴᠡᠯᠳᠦᠯ ᠳᠤ ᠰᠠᠭᠤᠷᠢᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ ᠶᠡᠭᠡ ᠬᠠᠨᠳᠤᠰᠢ ᠳᠤ | ᠨᠡᠶᠢᠴᠡᠵᠦ ᠪᠠᠶᠢᠨ᠎ᠠ᠃ ᠪᠢᠳᠡ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠢ ᠰᠠᠶᠢᠲᠤᠷ ᠠᠰᠢᠭᠯᠠᠵᠤ᠂ ᠠᠯᠳᠠᠨ | ᠲᠣᠭᠤᠰᠭ᠋᠎ᠠ ᠤᠯᠤᠰ ᠤᠳ ᠤᠨ ᠬᠥᠭᠵᠢᠯᠲᠡ ᠶᠢᠨ ᠬᠠᠨᠳᠤᠰᠢ ᠶᠢ ᠰᠠᠶᠢᠲᠤᠷ ᠪᠠᠲᠤᠯᠠᠵᠤ᠂ ᠪᠦᠭᠦ ᠲᠠᠯ᠎ᠠ ᠶᠢᠨ ᠴᠢᠨᠠᠷᠲᠠᠢ | ᠂ ᠴᠢᠭᠯᠡᠭᠦᠯᠦᠯᠲᠦ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠰᠠᠶᠢᠲᠤᠷ ᠲᠥᠯᠥᠪᠵᠢᠭᠦᠯᠵᠦ᠂ | ᠨᠢᠭᠡ ᠰᠡᠳᠬᠢᠯ ᠨᠢᠭᠡ ᠵᠣᠷᠢᠭ ᠢᠶᠠᠷ ᠡᠷᠡᠮᠡᠬᠡᠶᠢᠯᠡᠨ ᠤᠷᠤᠭᠰᠢᠯᠠᠵᠤ᠂ ᠠᠯᠳᠠᠨ ᠲᠣᠭᠤᠰᠭ᠋᠎ᠠ ᠤᠯᠤᠰ ᠤᠳ ᠬᠠᠮᠲᠤ ᠪᠠᠷ | ᠲᠠᠭᠢᠨ ᠮᠣᠷᠳᠠᠬᠤ ᠶᠢ ᠠᠬᠢᠭᠤᠯᠤᠶ᠎ᠠ᠃ | ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ | ᠵᠠᠩᠭᠢᠯᠠᠭ᠎ᠠ ᠶᠢᠨ ᠰᠣᠩᠭᠤᠯᠲᠠ ᠳᠤ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠦᠢᠮᠡᠭᠡᠨ ᠳᠡᠪᠵᠢᠶᠡᠨ ᠢ ᠳᠤᠷ᠎ᠠ ᠪᠠᠷ ᠨᠢ | ᠲᠠᠯᠪᠢᠨ᠎ᠠ ᠦᠦ᠂ ᠡᠰᠡᠬᠦᠯ᠎ᠡ ᠲᠡᠭᠦᠨ ᠤ ᠨᠠᠶᠢᠷᠠᠮᠳᠠᠯ ᠢᠶᠠᠷ ᠬᠥᠭᠵᠢᠬᠦ ᠵᠥᠪ ᠵᠠᠮ ᠳᠠᠭᠠᠨ ᠲᠠᠭᠢᠨ ᠪᠤᠴᠠᠬᠤ ᠶᠢ | ᠠᠬᠢᠭᠤᠯᠬᠤ ᠶᠤᠮ ᠦᠦ︖ ᠪᠢ ᠣᠷᠣᠰ ᠤᠨ ᠵᠣᠬᠢᠶᠠᠯᠴᠢ ᠴᠧᠷᠨᠢᠱᠤᠹᠰᠺᠢ ᠶᠢᠨ ᠵᠣᠬᠢᠶᠠᠯ ︽ᠶᠠᠭᠠᠬᠢᠬᠤ ᠪᠤᠢ︖︾ | ᠶᠢ ᠪᠤᠳᠤᠵᠥ ᠣᠯᠪᠠ᠂ ᠨᠣᠮ ᠳᠠᠬᠢ ᠭᠤᠣᠯ ᠪᠠᠭᠠᠲᠤᠷ ᠤᠨ ᠪᠠᠲᠤ ᠴᠢᠩᠭ᠎ᠠ ᠵᠣᠷᠢᠭ ᠰᠠᠨᠠᠭ᠎ᠠ ᠪᠣᠯᠣᠨ ᠲᠡᠮᠡᠴᠡᠯ ᠤᠨ | ᠣᠷᠭᠢᠯᠤᠮ᠎ᠠ ᠰᠡᠳᠬᠢᠯᠭᠡ ᠨᠢ ᠶᠠᠭ ᠣᠳᠣᠬᠠᠨ ᠳᠤ ᠪᠢᠳᠡᠨ ᠳᠤ ᠱᠠᠭᠠᠷᠳᠠᠭᠳᠠᠬᠤ ᠤᠶᠤᠨ ᠰᠠᠨᠠᠭᠠᠨ ᠤ ᠬᠦᠴᠦᠨ ᠴᠢᠳᠠᠯ | ᠪᠣᠯᠣᠨ᠎ᠠ᠃ ᠴᠠᠭ ᠦᠶ᠎ᠡ ᠶᠢᠨ ᠰᠠᠯᠬᠢ ᠳᠠᠪᠠᠯᠭᠠᠨ ᠬᠡᠳᠦᠢ ᠶᠡᠭᠡ ᠪᠤᠯᠬᠤ ᠲᠤᠳᠤᠮ᠂ ᠪᠢᠳᠡ ᠨᠡᠩ ᠢᠯᠡᠭᠦᠦ | ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠵᠤ᠂ ᠡᠷᠡᠰ ᠬᠠᠲᠠᠭᠤ ᠵᠣᠷᠢᠭ ᠢᠶᠠᠷ᠂ ᠵᠣᠷᠢᠭᠲᠠᠢ ᠪᠠᠷ | ᠪᠤᠰᠤᠳ ᠠᠴᠠ ᠲᠦᠷᠦᠭᠦᠯᠡᠬᠦ ᠰᠥᠰᠥ ᠪᠠᠷ᠂ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠬᠤ | ᠤᠬᠠᠭᠠᠨ ᠢᠶᠠᠷ ᠠᠯᠳᠠᠨ ᠲᠣᠭᠤᠰᠭ᠋᠎ᠠ ᠤᠯᠤᠰ ᠤᠳ ᠢ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ | ᠤᠨ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠬᠤ ᠭᠤᠣᠯ ᠠᠷᠭ᠎ᠠ ᠵᠠᠮ᠂ ᠪᠦᠭᠦ ᠪᠥᠮᠪᠥᠷᠴᠡᠭ ᠤᠨ ᠵᠠᠰᠠᠯᠲᠠ ᠶᠢᠨ | ᠬᠤᠪᠢᠰᠤᠯᠲᠠ ᠶᠢ ᠠᠬᠢᠭᠤᠯᠬᠤ ᠬᠤᠰᠢᠭᠤᠴᠢ ᠬᠦᠴᠦᠨ ᠪᠣᠯᠭᠠᠨ ᠪᠠᠶᠢᠭᠤᠯᠬᠤ ᠬᠡᠷᠡᠭᠲᠡᠢ᠃ | – ᠪᠢᠳᠡ ︽ᠡᠩᠬᠡ ᠲᠠᠶᠢᠪᠤᠩ ᠠᠯᠲᠠᠨ ᠲᠣᠭᠤᠰᠭ᠋᠎ᠠ︾ ᠶᠢ ᠪᠠᠶᠢᠭᠤᠯᠵᠤ᠂ ᠬᠠᠮᠲᠤ ᠶᠢᠨ ᠠᠮᠤᠷ ᠲᠦᠪᠰᠢᠨ ᠤ | ᠬᠠᠮᠠᠭᠠᠯᠠᠭᠴᠢ ᠪᠣᠯᠣᠶ᠎ᠠ᠃ ᠬᠥᠮᠥᠨ ᠲᠥᠷᠥᠯᠬᠢᠲᠡᠨ ᠪᠣᠯ ᠰᠠᠯᠵᠤ ᠪᠣᠯᠣᠰᠢ ᠦᠭᠡᠢ ᠠᠮᠤᠷ ᠲᠦᠪᠰᠢᠨ ᠤ ᠬᠠᠮᠲᠤ ᠶᠢᠨ | ᠴᠣᠭᠴᠠ ᠮᠥᠨ᠃ ᠭᠠᠭᠴᠠ ᠬᠦ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ | ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠪᠡᠯ ᠰᠠᠶ᠋ᠢ ᠨᠡᠶᠢᠳᠡᠮ ᠤᠨ ᠠᠮᠤᠷ ᠲᠦᠪᠰᠢᠨ ᠤ ᠵᠠᠮ ᠢᠶᠠᠷ ᠵᠠᠮᠨᠠᠵᠤ | ᠴᠢᠳᠠᠨ᠎ᠠ᠃ ᠦᠺᠷᠠᠶᠢᠨ ᠤ ᠬᠢᠮᠤᠷᠠᠯ ᠪᠠᠰᠠ ᠦᠷᠭᠦᠯᠵᠢᠯᠡᠵᠦ ᠪᠠᠶᠢᠨ᠎ᠠ᠃ ᠳᠤᠮᠳᠠᠳᠤ ᠤᠯᠤᠰ ᠪᠣᠯᠣᠨ ᠪᠷᠠᠽᠢᠯ | ᠬᠤᠯᠪᠣᠭᠳᠠᠯ ᠪᠦᠬᠦᠢ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠲᠠᠢ ᠬᠠᠮᠲᠤᠷᠠᠨ | ᠦᠺᠷᠠᠶᠢᠨ ᠤ ᠬᠢᠮᠤᠷᠠᠯ ᠤᠨ ︽ᠡᠩᠬᠡ ᠲᠠᠶᠢᠪᠤᠩ ᠤᠨ ᠨᠠᠶᠢᠵᠠ︾ ᠶᠢᠨ ᠳᠤᠭᠤᠶᠢᠯᠠᠩ ᠢ ᠡᠭᠦᠰᠬᠡᠨ ᠪᠠᠶᠢᠭᠤᠯᠵᠤ᠂ | ᠡᠩᠬᠡ ᠲᠠᠶᠢᠪᠤᠩ ᠤᠨ ᠲᠥᠯᠥᠭᠡ ᠴᠢᠷᠮᠠᠶᠢᠬᠤ ᠨᠡᠩ ᠣᠯᠠᠨ ᠳᠠᠭᠤᠨ ᠢ ᠨᠢᠭᠡᠳᠬᠡᠬᠦ ᠪᠠᠷ ᠵᠣᠷᠢᠯᠭ᠎ᠠ ᠪᠠᠨ ᠪᠣᠯᠭᠠᠵᠠᠢ᠃ | ᠪᠢᠳᠡ ︽ᠳᠠᠶᠢᠨ ᠤ ᠲᠠᠯᠠᠪᠤᠷ ᠢ ᠭᠠᠳᠠᠭᠰᠢ ᠲᠡᠯᠡᠭᠦ ᠦᠭᠡᠢ᠂ ᠳᠠᠶᠢᠨ ᠤ ᠶᠠᠪᠤᠳᠠᠯ ᠢ ᠳᠡᠰ ᠳᠡᠪᠰᠢᠭᠦᠯᠬᠦ ᠦᠭᠡᠢ᠂ ᠡᠯ᠎ᠡ | ᠲᠠᠯ᠎ᠠ ᠶᠢᠨ ᠬᠢᠨ ᠬᠠᠳᠬᠤᠵᠤ ᠥᠳᠥᠭᠡᠬᠦ ᠦᠭᠡᠢ︾ ᠪᠠᠶᠢᠬᠤ ᠭᠤᠷᠪᠠᠨ ᠵᠠᠷᠴᠢᠮ ᠢ ᠪᠠᠷᠢᠮᠲᠠᠯᠠᠵᠤ᠂ ᠪᠠᠶᠢᠳᠠᠯ ᠢ | ᠲᠦᠷᠭᠡᠬᠡᠨ ᠨᠠᠮᠳᠠᠭᠤᠯᠬᠤ ᠶᠢ ᠠᠬᠢᠭᠤᠯᠤᠶ᠎ᠠ᠃ ᠭᠠᠽᠠ ᠣᠷᠣᠨ ᠤ ᠬᠥᠮᠦᠯᠢᠭ ᠦᠵᠡᠯ ᠤᠨ ᠪᠠᠶᠢᠳᠠᠯ ᠦᠷᠭᠦᠯᠵᠢᠯᠡᠨ | ᠮᠠᠭᠤᠳᠠᠵᠤ᠂ ᠯᠧᠪᠠᠨᠣᠨ ᠤ ᠲᠠᠶᠢᠨ ᠤ ᠭᠠᠯ ᠲᠠᠭᠢᠨ ᠳᠦᠷᠡᠯᠵᠡᠵᠦ᠂ ᠬᠤᠯᠪᠣᠭᠳᠠᠯ ᠪᠦᠬᠦᠢ ᠡᠯ᠎ᠡ ᠲᠠᠯ᠎ᠠ ᠶᠢᠨ | ᠬᠤᠭᠤᠷᠣᠨᠳᠣᠭᠢ ᠮᠥᠷᠭᠦᠯᠳᠦᠭᠡᠨ ᠪᠠᠰᠠ ᠴᠢᠨᠠᠭᠰᠢᠳᠠ ᠬᠤᠷᠴᠠᠳᠴᠤ ᠪᠠᠶᠢᠨ᠎ᠠ᠃ ᠪᠢᠳᠡ ᠳᠠᠷᠦ᠋ᠢᠬᠠᠨ | ᠲᠤᠯᠤᠯᠳᠤᠬᠤ ᠪᠠᠨ ᠵᠣᠬᠰᠣᠬᠤ᠂ ᠬᠢᠳᠤᠯᠭ᠎ᠠ ᠪᠠᠨ ᠵᠣᠬᠰᠣᠬᠤ ᠶᠢ ᠠᠬᠢᠭᠤᠯᠵᠤ᠂ ᠫᠠᠯᠧᠰᠲ᠋ᠠᠶᠢᠨ ᠤ ᠠᠰᠠᠭᠤᠳᠠᠯ ᠢ | ᠪᠦᠭᠦ ᠲᠠᠯ᠎ᠠ ᠪᠠᠷ᠂ ᠲᠥᠪ ᠭᠤᠣᠯᠴᠢ᠂ ᠤᠳᠠᠭᠠᠨ ᠳᠠᠭᠠᠭᠠᠮᠠᠭᠠᠢ ᠰᠢᠢᠳᠪᠦᠷᠢᠯᠡᠬᠦ ᠶᠢᠨ ᠲᠥᠯᠥᠭᠡ ᠴᠥᠬᠦᠷᠡᠰᠢ ᠦᠭᠡᠢ | ᠴᠢᠷᠮᠠᠶᠢᠶ᠎ᠠ᠃ | – ᠪᠢᠳᠡ ︽ᠰᠢᠨ᠎ᠡ ᠶᠢ ᠡᠭᠦᠳᠬᠦ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠬᠤᠰᠢᠭᠤᠴᠢ ᠪᠣᠯᠣᠶ᠎ᠠ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠦᠳᠲᠡᠷ ᠲᠦᠷᠭᠡᠨ ᠬᠥᠭᠵᠢᠪᠡ᠃ ᠪᠢᠳᠡ ᠴᠠᠭ | ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠶ᠎ᠠ | ᠃ ᠳᠤᠮᠳᠠᠳᠤ ᠤᠯᠤᠰ ᠣᠶᠢᠷ᠎ᠠ ᠳᠤ ᠳᠤᠮᠳᠠᠳᠤ ᠤᠯᠤᠰ – ᠠᠯᠳᠠᠨ ᠲᠣᠭᠤᠰᠭ᠋᠎ᠠ ᠤᠯᠤᠰ ᠤᠳ ᠤᠨ ᠵᠣᠬᠢᠶᠠᠮᠠᠯ | ᠤᠶᠤᠨ ᠴᠢᠳᠠᠪᠤᠷᠢ ᠶᠢᠨ ᠬᠥᠭᠵᠢᠯᠲᠡ ᠪᠠ ᠬᠠᠮᠲᠤᠷᠠᠯᠴᠠᠭᠠᠨ ᠤ ᠲᠥᠪ ᠢ ᠪᠠᠶᠢᠭᠤᠯᠵᠤ᠂ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠣᠬᠢᠶᠠᠮᠠᠯ ᠤᠶᠤᠨ | ᠴᠢᠳᠠᠪᠤᠷᠢ ᠶᠢᠨ ᠡᠨᠧᠷᠭᠢ ᠶᠢ ᠪᠠᠳᠠᠷᠠᠭᠤᠯᠤᠨ᠎ᠠ᠃ ᠳᠤᠮᠳᠠᠳᠤ ᠤᠯᠤᠰ ᠠᠯᠳᠠᠨ ᠲᠣᠭᠤᠰᠭ᠋᠎ᠠ ᠤᠯᠤᠰ ᠤᠳ ᠤᠨ ᠭᠦᠨ | ᠳᠠᠯᠠᠢ ᠶᠢᠨ ᠡᠬᠢ ᠪᠠᠶᠠᠯᠢᠭ ᠤᠨ ᠤᠯᠠᠨ ᠤᠯᠤᠰ ᠤᠨ ᠰᠤᠳᠤᠯᠭᠠᠨ ᠤ ᠲᠥᠪ᠂ ᠠᠯᠳᠠᠨ ᠲᠣᠭᠤᠰᠭ᠋᠎ᠠ ᠤᠯᠤᠰ ᠤᠳ ᠤᠨ | ᠣᠨᠴᠠᠭᠠᠢ ᠠᠵᠤ ᠠᠬᠤᠢ ᠶᠢᠨ ᠣᠷᠣᠨ ᠤ ᠳᠤᠮᠳᠠᠳᠤ ᠤᠯᠤᠰ ᠤᠨ ᠬᠠᠮᠲᠤᠷᠠᠯᠴᠠᠭᠠᠨ ᠤ ᠲᠥᠪ᠂ ᠠᠯᠳᠠᠨ ᠲᠣᠭᠤᠰᠭ᠋᠎ᠠ | ᠤᠯᠤᠰ ᠤᠳ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠳᠤᠮᠳᠠᠳᠤ ᠤᠯᠤᠰ ᠤᠨ ᠲᠥᠪ᠂ ᠠᠯᠳᠠᠨ ᠲᠣᠭᠤᠰᠭ᠋᠎ᠠ | ᠤᠯᠤᠰ ᠤᠳ ᠤᠨ ᠲᠣᠭᠠᠴᠢᠯᠠᠭᠰᠠᠨ ᠠᠵᠤ ᠦᠢᠯᠡᠰ ᠤᠨ ᠠᠮᠢ ᠠᠬᠤᠢ ᠶᠢᠨ ᠬᠠᠮᠲᠤᠷᠠᠯᠴᠠᠭᠠᠨ ᠤ ᠲᠣᠣᠷ ᠢ | ᠪᠠᠶᠢᠭᠤᠯᠤᠨ᠎ᠠ᠃ ᠡᠯ᠎ᠡ ᠲᠠᠯ᠎ᠠ ᠶᠢᠨ ᠬᠢᠨ ᠤ ᠢᠳᠡᠪᠬᠢᠲᠡᠢ ᠣᠷᠣᠯᠴᠠᠵᠤ᠂ ᠠᠯᠳᠠᠨ ᠲᠣᠭᠤᠰᠭ᠋᠎ᠠ ᠤᠯᠤᠰ ᠤᠳ ᠤᠨ | ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠠᠬᠢᠭᠤᠯᠬᠤ ᠶᠢ ᠪᠠᠶᠠᠷᠯᠠᠨ ᠤᠭᠲᠤᠵᠤ | ᠪᠠᠶᠢᠨ᠎ᠠ᠃ | – ᠪᠢᠳᠡ ︽ᠪᠣᠬᠢᠷᠳᠤᠯ ᠦᠭᠡᠢ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠦᠷᠭᠦᠯᠵᠢᠯᠡᠬᠦ ᠬᠥᠭᠵᠢᠯᠲᠡ ᠶᠢᠨ | ᠦᠢᠯᠡᠳᠦᠯᠭᠡᠵᠢᠭᠦᠯᠦᠭᠴᠢ ᠪᠣᠯᠣᠶ᠎ᠠ᠃ ᠪᠣᠬᠢᠷᠳᠤᠯ ᠦᠭᠡᠢ ᠪᠣᠯ ᠡᠨᠡ ᠬᠦ ᠴᠠᠭ ᠦᠶ᠎ᠡ ᠶᠢᠨ ᠳᠡᠪᠢᠰᠬᠡᠷ ᠥᠩᠭᠡ ᠮᠥᠨ᠂ | ᠠᠯᠳᠠᠨ ᠲᠣᠭᠤᠰᠭ᠋᠎ᠠ ᠤᠯᠤᠰ ᠤᠳ ᠪᠦᠭᠦ ᠪᠥᠮᠪᠥᠷᠴᠡᠭ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠡᠭᠡ ᠤᠷᠤᠰᠬᠠᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠶ᠎ᠠ᠃ | ᠳᠤᠮᠳᠠᠳᠤ ᠤᠯᠤᠰ ᠤᠨ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠴᠡᠨᠡᠭ᠂ ᠭᠡᠷᠡᠯᠴᠢ ᠴᠡᠨᠡᠭ ᠤᠨ | ᠦᠢᠯᠡᠳᠬᠦᠨ ᠵᠡᠷᠭᠡ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠨᠢ ᠳᠡᠯᠡᠬᠡᠢ ᠶᠢᠨ ᠪᠣᠬᠢᠷᠳᠤᠯ ᠦᠭᠡᠢ | ᠬᠥᠭᠵᠢᠯᠲᠡ ᠳᠤ ᠴᠢᠬᠤᠯᠠ ᠲᠤᠰᠠᠯᠠᠮᠵᠢ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ ᠲᠣᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠠᠯᠲᠠᠨ ᠲᠣᠭᠤᠰᠭ᠋᠎ᠠ ᠤᠯᠤᠰ ᠤᠳ ᠯᠤᠭ᠎ᠠ ᠪᠣᠬᠢᠷᠳᠤᠯ ᠦᠭᠡᠢ ᠠᠵᠤ ᠦᠢᠯᠡᠰ᠂ | ᠴᠡᠪᠡᠷ ᠡᠨᠧᠷᠭᠢ ᠵᠢᠴᠢ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ | ᠪᠦᠭᠦ ᠠᠵᠤ ᠦᠢᠯᠡᠰ ᠤᠨ ᠬᠡᠯᠬᠢᠶ᠎ᠡ ᠶᠢᠨ ︽ᠪᠣᠬᠢᠷᠳᠤᠯ ᠦᠭᠡᠢ ᠬᠥᠭᠵᠢᠯᠲᠡ︾ ᠶᠢ ᠠᠬᠢᠭᠤᠯᠵᠤ᠂ | ᠬᠠᠮᠲᠤᠷᠠᠯᠴᠠᠭᠠᠨ ᠤ ︽ᠪᠣᠬᠢᠷᠳᠤᠯ ᠦᠭᠡᠢ ᠬᠡᠮᠵᠢᠶ᠎ᠡ︾ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ︽ᠦᠨ᠎ᠡ | ᠥᠷᠲᠡᠭ︾ ᠢ ᠳᠡᠭᠡᠭᠰᠢᠯᠡᠭᠦᠯᠦᠨ᠎ᠡ᠃ | – ᠪᠢᠳᠡ ︽ᠲᠥᠪ ᠭᠤᠣᠯᠴᠢ ᠠᠯᠲᠠᠨ ᠲᠣᠭᠤᠰᠭ᠋᠎ᠠ︾ ᠶᠢ ᠪᠠᠶᠢᠭᠤᠯᠵᠤ᠂ ᠪᠦᠭᠦ ᠪᠥᠮᠪᠥᠷᠴᠡᠭ ᠤᠨ | ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢᠨ ᠳᠠᠭᠠᠭᠤᠯᠤᠭᠴᠢ ᠪᠣᠯᠣᠶ᠎ᠠ᠃ ᠤᠯᠠᠨ ᠤᠯᠤᠰ ᠤᠨ ᠬᠦᠴᠦᠨ ᠤ | ᠬᠠᠷᠢᠴᠠᠯ ᠶᠠᠭ ᠭᠦᠨᠵᠡᠭᠡᠢ ᠤᠯᠠᠷᠢᠨ ᠬᠤᠪᠢᠷᠠᠵᠤ ᠪᠠᠶᠢᠨ᠎ᠠ᠂ ᠭᠡᠪᠡᠴᠦ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠤᠷᠳᠤ ᠬᠤᠭᠤᠴᠠᠭ᠎ᠠ ᠪᠠᠷ ᠬᠤᠴᠣᠷᠴᠤ ᠪᠠᠶᠢᠨ᠎ᠠ᠃ ᠪᠢᠳᠡ ᠵᠢᠩᠬᠢᠨᠢ ᠤᠯᠠᠨ ᠲᠠᠯᠠᠲᠤ | ᠦᠵᠡᠯ ᠢ ᠦᠢᠯᠡᠳᠦᠯᠭᠡᠵᠢᠭᠦᠯᠵᠦ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ | ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ᠂ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠬᠤ ᠪᠠᠷ ᠣᠶᠢᠯᠠᠭᠠᠭᠳᠠᠬᠤᠨ ᠪᠤᠯᠭᠠᠵᠤ ᠪᠦᠭᠦ ᠪᠥᠮᠪᠥᠷᠴᠡᠭ ᠤᠨ ᠵᠠᠰᠠᠯᠲᠠ ᠶᠢᠨ | ᠥᠭᠡᠷᠡᠴᠢᠯᠡᠯᠲᠡ ᠶᠢ ᠬᠥᠲᠥᠯᠥᠨ ᠳᠠᠭᠠᠭᠤᠯᠤᠶ᠎ᠠ᠃ ᠪᠢᠳᠡ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ︾ ᠤᠨ ᠬᠥᠭᠵᠢᠨ ᠮᠠᠨᠳᠤᠬᠤ ᠶᠡᠭᠡ ᠬᠠᠨᠳᠤᠰᠢ ᠳᠤ ᠵᠣᠬᠢᠴᠠᠵᠤ᠂ ᠡᠯ᠎ᠡ ᠤᠯᠤᠰ ᠤᠨ ᠠᠯᠳᠠᠨ | ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠳᠤ ᠣᠷᠤᠯᠴᠠᠬᠤ ᠬᠦᠰᠡᠯ ᠱᠠᠭᠠᠷᠳᠠᠯᠭ᠎ᠠ ᠳᠤ | ᠢᠳᠡᠪᠬᠢᠲᠡᠢ ᠬᠠᠷᠢᠭᠤᠯᠲᠠ ᠥᠭᠴᠦ᠂ ᠪᠦᠷᠢᠯᠳᠦᠭᠦᠨ ᠢᠶᠠᠨ ᠥᠷᠭᠡᠳᠬᠡᠬᠦ ᠪᠠ ᠬᠠᠨᠢᠲᠠᠨ ᠤᠯᠤᠰ ᠲᠣᠬᠢᠷᠠᠭᠤᠯᠬᠤ | ᠠᠬᠢᠴᠠ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠠᠬᠢ | ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠶ᠎ᠡ᠃ | ᠣᠳᠣᠬᠠᠨ ᠤ ᠪᠠᠶᠢᠳᠠᠯ ᠳᠣᠣᠷ᠎ᠠ ᠤᠯᠠᠨ ᠤᠯᠤᠰ ᠤᠨ ᠮᠥᠩᠭᠦᠨ ᠭᠦᠢᠯᠭᠡᠭᠡᠨ ᠤ ᠪᠦᠲᠦᠴᠡ ᠶᠢᠨ | ᠥᠭᠡᠷᠡᠴᠢᠯᠡᠯᠲᠡ ᠶᠢᠨ ᠲᠤᠯᠭᠠᠮ ᠴᠢᠨᠠᠷ ᠲᠣᠪᠤᠶᠢᠮ᠎ᠠ ᠪᠠᠶᠢᠨ᠎ᠠ᠃ ᠠᠯᠳᠠᠨ ᠲᠣᠭᠤᠰᠭ᠋᠎ᠠ ᠤᠯᠤᠰ ᠤᠳ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ | ᠠᠬᠢᠭᠤᠯᠵᠤ᠂ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠵᠤ᠂ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠨ ᠤᠯᠤᠰ ᠤᠨ | ᠮᠥᠩᠭᠦᠨ ᠭᠦᠢᠯᠭᠡᠭᠡᠨ ᠤ ᠰᠢᠰᠲ᠋ᠧᠮ ᠤᠨ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠬᠤᠪᠢᠷᠠᠯᠲᠠ ᠶᠢ ᠨᠡᠩ | ᠰᠠᠶᠢᠲᠤᠷ ᠲᠤᠰᠬᠠᠬᠤ ᠶᠢ ᠠᠬᠢᠭᠤᠯᠤᠶ᠎ᠠ᠃ | – ᠪᠢᠳᠠ ︽ᠰᠣᠶᠣᠯ ᠢᠷᠭᠡᠨᠰᠢᠯ ᠤᠨ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠪᠣᠯᠪᠠᠰᠤᠨ ᠪᠠ ᠬᠠᠮᠲᠤ | ᠣᠷᠣᠰᠢᠬᠤ ᠶᠢᠨ ᠰᠠᠨᠠᠭᠠᠴᠢᠯᠠᠭᠴᠢ ᠪᠣᠯᠣᠶ᠎ᠠ᠃ ᠠᠯᠲᠠᠨ ᠲᠣᠭᠤᠰᠭ᠋᠎ᠠ ᠤᠯᠤᠰ ᠤᠳ ᠭᠦᠨ ᠵᠤᠵᠠᠭᠠᠨ ᠲᠡᠦᠬᠡ ᠪᠠ | ᠭᠡᠷᠡᠯ ᠰᠠᠴᠤᠷᠠᠩᠭᠤᠢ ᠰᠣᠶᠣᠯ ᠢ ᠨᠢᠭᠲᠠᠷᠠᠭᠤᠯᠪᠠ᠃ ᠪᠢᠳᠡ ᠠᠳᠠᠯᠢ ᠪᠤᠰᠤ ᠪᠣᠯᠪᠠᠰᠤᠨ ᠤ ᠪᠠᠭᠲᠠᠭᠠᠮᠵᠢᠲᠠᠢ | ᠬᠠᠮᠲᠤ ᠪᠠᠷ ᠣᠷᠣᠰᠢᠬᠤ ᠶᠢ ᠢᠳᠡᠪᠬᠢᠲᠡᠢ ᠰᠠᠨᠠᠭᠠᠴᠢᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠪᠠᠨ ᠴᠢᠩᠭᠠᠳᠬᠠᠵᠤ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠤᠷᠠᠯᠢᠭ ᠵᠡᠷᠭᠡ ᠬᠦᠷᠢᠶᠡᠨ ᠤ | ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠠᠳᠠᠯᠢ ᠪᠤᠰᠤ ᠪᠣᠯᠪᠠᠰᠤᠨ ᠢ ᠰᠣᠯᠪᠢᠴᠠᠭᠤᠯᠤᠨ ᠭᠡᠷᠡᠯ | ᠭᠢᠯᠪᠠᠭ᠎ᠠ ᠰᠠᠴᠤᠷᠠᠭᠤᠯᠵᠤ᠂ ᠠᠯᠳᠠᠨ ᠲᠣᠭᠤᠰᠭ᠋᠎ᠠ ᠤᠯᠤᠰ ᠤᠳ ᠤᠨ ᠤᠷᠤᠭᠰᠢᠯᠠᠯᠲᠠ ᠶᠢᠨ ᠵᠠᠮ ᠢ ᠭᠡᠷᠡᠯᠳᠦᠭᠦᠯᠤᠶᠠ᠃ | ᠨᠢᠳᠤᠨᠤᠨ ᠪᠢ ᠠᠯᠳᠠᠨ ᠲᠣᠭᠤᠰᠭ᠋᠎ᠠ ᠤᠯᠤᠰ ᠤᠳ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ | ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠳᠤᠷᠠᠳᠤᠭᠰᠠᠨ ᠪᠢᠯᠡ᠂ ᠡᠨᠡ ᠬᠦ ᠲᠣᠭᠲᠠᠴᠠ ᠨᠢᠭᠡᠨᠲᠡ | ᠨᠠᠶᠢᠳᠠᠪᠤᠷᠢᠵᠢᠭᠳᠠᠭᠰᠠᠨ ᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠠᠯᠲᠠᠨ ᠲᠣᠭᠤᠰᠭ᠋᠎ᠠ | ᠤᠯᠤᠰ ᠤᠳ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠥᠯᠥᠪᠯᠡᠭᠡ ᠶᠢ | ᠬᠡᠷᠡᠭᠵᠢᠭᠦᠯᠵᠦ᠂ ᠢᠷᠡᠬᠦ 5 ᠵᠢᠯ ᠳᠤ ᠠᠯᠲᠠᠨ ᠲᠣᠭᠤᠰᠭ᠋᠎ᠠ ᠤᠯᠤᠰ ᠤᠳ ᠲᠤ 10 ᠭᠠᠳᠠᠭᠠᠳᠤ ᠳᠤ ᠰᠤᠷᠤᠯᠴᠠᠬᠤ | ᠲᠥᠪ ᠪᠠᠶᠢᠭᠤᠯᠵᠤ᠂ 1000 ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯᠲᠠᠨ ᠪᠣᠯᠣᠨ ᠪᠠᠭᠰᠢ | ᠰᠤᠷᠤᠬᠴᠢᠳ ᠲᠤ ᠪᠣᠯᠪᠠᠰᠤᠷᠠᠯ ᠤᠨ ᠲᠣᠭᠢᠶᠠᠯ ᠬᠠᠩᠭᠠᠵᠤ᠂ ᠠᠯᠲᠠᠨ ᠲᠣᠭᠤᠰᠭ᠋᠎ᠠ ᠤᠯᠤᠰ ᠤᠳ ᠤᠨ ᠰᠣᠶᠣᠯ | ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦᠨ ᠨᠡᠮᠡᠷᠢᠯᠡᠨ᠎ᠡ᠃ | ᠬᠠᠮᠲᠤ ᠠᠵᠢᠯᠯᠠᠭᠰᠠᠳ ᠠ᠋︕ | ᠳᠤᠮᠳᠠᠳᠤ ᠤᠯᠤᠰ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ ᠤᠨ ᠡᠯ᠎ᠡ ᠤᠯᠤᠰ ᠯᠤᠭ᠎ᠠ ᠬᠠᠮᠲᠤ ᠪᠠᠷ ︽ | ᠲᠣᠮᠣ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠴᠦ᠂ ᠨᠡᠩ ᠤᠯᠠᠨ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠲᠠᠢ ᠭᠠᠷ | ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠬᠠᠮᠲᠤ ᠪᠠᠷ ᠠᠬᠢᠭᠤᠯᠤᠨ᠎ᠠ︕ | ᠲᠠ ᠣᠯᠠᠨ ᠳᠤ ᠪᠠᠶᠠᠷᠯᠠᠯ᠎ᠠ︕ | ︵ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 10 ᠰᠠᠷ᠎ᠠ ᠶᠢᠨ 23 ᠤ ᠴᠠᠭᠢᠯᠭᠠᠨ ᠮᠡᠳᠡᠭᠡ︶ |